ᠵᠠᠯᠠᠭᠤ ᠬᠠᠷᠠᠭᠳᠠᠳᠠᠭ ᠵᠠᠩᠰᠢᠯ
ᠨᠡᠶᠢᠲᠡᠯᠡᠭᠰᠡᠨ ᠴᠠᠭ᠄
2024/6/19
   ᠨᠢᠭᠡ᠂ ᠨᠣᠮ ᠢᠯᠡᠭᠦᠬᠡᠨ ᠤᠩᠰᠢ᠃ ᠵᠠᠯᠠᠭᠤᠬᠠᠨ ᠢᠶᠠᠷ ᠢᠶᠠᠨ ᠪᠠᠶᠢᠬᠤ ᠳᠤ ᠬᠡᠪ ᠨᠠᠮᠪᠠ ᠪᠠᠨ ᠠᠩᠬᠠᠷᠬᠤ ᠠᠴᠠ ᠭᠠᠳᠠᠨ᠎ᠠ ᠨᠣᠮ ᠢᠯᠡᠭᠦᠬᠡᠨ ᠤᠩᠰᠢᠪᠠᠯ ᠬᠥᠮᠥᠨ ᠤ ᠰᠡᠳᠬᠢᠯ ᠤᠯᠠᠮ ᠰᠠᠶᠢᠬᠠᠨ ᠪᠣᠯᠳᠠᠭ᠃ ᠦᠷᠭᠦᠯᠵᠢ ᠨᠣᠮ ᠤᠩᠰᠢᠬᠤ ᠨᠢ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠵᠤ᠂ ᠤᠶᠤᠨ ᠤᠬᠠᠭᠠᠨ ᠢ ᠲᠡᠯᠡᠳᠡᠭ᠃ ᠨᠢᠭᠡ ᠳᠡᠪᠲᠡᠷ ᠨᠣᠮ ᠤᠩᠰᠢᠬᠤ ᠨᠢ ᠨᠢᠭᠡ ᠤᠳᠠᠭᠠᠨ ᠤ ᠣᠶᠣᠨ ᠰᠠᠨᠠᠭᠠᠨ ᠤ ᠠᠶᠠᠯᠠᠯ ᠬᠢᠭᠰᠡᠨ ᠲᠠᠢ ᠠᠳᠠᠯᠢᠬᠠᠨ ᠪᠢᠯᠡ᠃ ᠬᠤᠶᠠᠷ᠂ ᠠᠵᠢᠯᠯᠠᠵᠤ ᠠᠮᠠᠷᠠᠬᠤ ᠪᠠᠨ ᠵᠣᠬᠢᠴᠠᠭᠤᠯᠵᠤ ᠪᠠᠢ᠃ ᠠᠵᠢᠯᠯᠠᠵᠤ ᠠᠮᠠᠷᠠᠬᠤ ᠡᠮᠬᠢ ᠳᠢᠭᠯᠢᠮ ᠢᠶᠠᠨ ᠠᠯᠳᠠᠪᠠᠯ ᠪᠡᠶ᠎ᠡ ᠰᠡᠳᠬᠢᠯ ᠬᠦᠨᠳᠦ ᠨᠣᠴᠢᠲᠠᠢ ᠨᠥᠯᠥᠭᠡᠯᠡᠭᠳᠡᠨ᠎ᠡ᠃ ᠶᠠᠭᠠᠷᠠᠤ ᠴᠠᠭ ᠲᠤ ᠳᠦᠷ ᠴᠦ ᠭᠡᠰᠡᠨ ᠴᠠᠭ ᠵᠠᠪ ᠭᠠᠷᠭᠠᠨ ᠵᠣᠬᠢᠰᠲᠠᠢ ᠰᠠᠶᠢᠬᠠᠨ ᠠᠮᠠᠷᠠᠬᠤ ᠬᠡᠷᠡᠭᠲᠡᠢ᠃ ᠭᠤᠷᠪᠠ᠂ ᠰᠠᠨᠠᠭ᠎ᠠ ᠨᠡᠶᠢᠯᠡᠳᠡᠭ ᠬᠥᠮᠥᠨ ᠲᠠᠢ ᠨᠥᠬᠦᠷᠯᠡᠵᠦ ᠶᠠᠪᠤ᠃ ᠡᠪ ᠰᠠᠨᠠᠭ᠎ᠠ ᠨᠢᠭᠡᠲᠡᠢ᠂ ᠪᠡᠶ᠎ᠡ ᠪᠡᠶ᠎ᠡ ᠪᠠᠨ ᠣᠶᠢᠯᠠᠭᠠᠵᠤ᠂ ᠬᠠᠮᠲᠤ ᠪᠠᠷ ᠳᠠᠪᠰᠢᠨ ᠤᠷᠤᠭᠰᠢᠯᠠᠳᠠᠭ ᠨᠠᠶᠢᠵᠠ ᠨᠥᠬᠦᠳ ᠢᠶᠠᠨ ᠨᠠᠨᠳᠢᠩᠨᠠᠵᠤ ᠶᠠᠪᠤᠭᠠᠷᠠᠢ᠃ ᠡᠶᠢᠮᠦ ᠬᠥᠮᠥᠰ ᠲᠠᠨ ᠤ ᠠᠮᠵᠢᠯᠲᠠ ᠶᠢᠨ ᠡᠮᠦᠨ᠎ᠡ ᠠᠴᠠ ᠪᠠᠶᠠᠷᠯᠠᠵᠤ᠂ ᠵᠣᠪᠠᠯᠠᠩ ᠭᠤᠨᠢᠭ ᠢ ᠴᠢᠨᠢ ᠬᠤᠪᠢᠶᠠᠯᠴᠠᠵᠤ᠂ ᠰᠠᠨᠠᠭ᠎ᠠ ᠰᠡᠳᠬᠢᠯ ᠢ ᠴᠢᠨᠢ ᠲᠠᠶᠢᠳᠬᠤᠷᠠᠭᠤᠯᠵᠤ ᠴᠢᠳᠠᠨ᠎ᠠ᠃ ᠳᠥᠷᠪᠡ᠂ ᠰᠠᠨᠠᠭᠰᠠᠨ ᠬᠦᠰᠡᠭᠰᠡᠨ ᠢᠶᠠᠨ ᠪᠡᠶᠡᠯᠡᠭᠦᠯᠵᠦ ᠪᠠᠢ᠃ ᠶᠠᠮᠠᠷᠴᠤ ᠶᠠᠪᠤᠳᠠᠯ ᠳᠤ ᠬᠤᠭᠤᠰᠤᠨ ᠦᠭᠡ ᠶᠠᠷᠢᠵᠤ ᠵᠦᠭᠡᠷ ᠰᠠᠭᠤᠭᠠᠳ ᠪᠠᠶᠢᠪᠠᠯ ᠪᠡᠶᠡᠯᠡᠵᠦ ᠪᠦᠲᠦᠬᠦ ᠵᠦᠢᠯ ᠭᠡᠵᠦ ᠪᠠᠶᠢᠬᠤ ᠦᠭᠡᠢ ᠶᠤᠮ᠃ ᠵᠠᠯᠠᠭᠤ ᠨᠠᠰᠤ ᠥᠩᠭᠡᠷᠡᠯ᠎ᠡ ᠭᠡᠵᠦ ᠭᠠᠰᠠᠯᠵᠤ ᠰᠠᠭᠤᠬᠤ ᠶᠢᠨ ᠣᠷᠣᠨ ᠳᠤ ᠵᠠᠪᠳᠤᠵᠤ ᠬᠢᠵᠦ ᠪᠦᠲᠦᠭᠡᠵᠦ ᠪᠠᠶᠢᠬᠤ ᠨᠢ ᠬᠤᠯᠠ ᠳᠡᠭᠡᠷ᠎ᠡ ᠰᠢᠦ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号