ᠨᠢᠭᠡ᠂ ᠡᠴᠢᠭᠡ ᠡᠬᠡ ᠳᠡᠭᠡᠨ ᠬᠠᠨᠳᠤᠬᠤ ᠣᠪᠣᠷ᠃ ᠡᠴᠢᠭᠡ ᠡᠬᠡ ᠲᠠᠢ ᠪᠠᠨ ᠬᠠᠷᠢᠯᠴᠠᠬᠤ ᠳᠠᠭᠠᠨ ᠪᠢᠳᠡ ᠶᠡᠷᠦ | ᠨᠢ ᠶᠠᠭᠤ ᠶᠢ ᠴᠤ ᠬᠠᠮᠢᠶᠠᠷᠬᠤ ᠦᠭᠡᠢ ᠪᠦᠳᠦᠭᠦᠯᠢᠭ ᠪᠠᠶᠢᠳᠠᠭ᠂ ᠡᠶᠢᠮᠦ ᠠᠴᠠ ᠬᠥᠮᠥᠨ ᠤ ᠦᠨᠡᠨ ᠪᠣᠳᠠᠲᠤ ᠵᠠᠩ | ᠰᠤᠷᠲᠠᠯ ᠢ ᠬᠠᠮᠤᠭ ᠠᠴᠠ ᠢᠯᠡᠭᠦᠦ ᠬᠠᠷᠠᠭᠤᠯᠵᠤ ᠴᠢᠳᠠᠳᠠᠭ ᠬᠠᠷᠢᠯᠴᠠᠭ᠎ᠠ ᠪᠣᠯ ᠭᠡᠷ ᠵᠠᠭᠤᠷ᠎ᠠ ᠶᠢᠨ ᠡᠴᠢᠭᠡ ᠡᠬᠡ | ᠲᠠᠢ ᠪᠠᠨ ᠬᠠᠷᠢᠯᠴᠠᠬᠤ ᠬᠠᠷᠢᠯᠴᠠᠭ᠎ᠠ ᠶᠤᠮ᠃ ᠵᠠᠷᠢᠮ ᠬᠥᠮᠥᠨ ᠶᠡᠷᠦ ᠨᠢ ᠠᠪᠤ ᠡᠵᠢ ᠶᠢᠨ ᠢᠶᠠᠨ ᠡᠮᠦᠨ᠎ᠡ ᠪᠡᠶ᠎ᠡ ᠪᠠᠨ | ᠥᠴᠥᠬᠡᠨ ᠴᠦ ᠪᠠᠷᠢᠬᠤ ᠦᠭᠡᠢ ᠪᠠᠶᠢᠵᠤ᠂ ᠲᠡᠳᠡ ᠥᠪᠡᠷ ᠢ ᠨᠢ ᠠᠭᠤᠴᠢᠯᠠᠨ ᠪᠠᠭᠲᠠᠭᠠᠬᠤ ᠶᠢ ᠵᠦᠢ ᠶᠣᠰᠣᠨ ᠤ | ᠶᠠᠪᠤᠳᠠᠯ ᠢᠶᠠᠷ ᠦᠵᠡᠳᠡᠭ᠃ ᠳᠣᠲᠣᠨᠣ ᠶᠢᠨ ᠬᠥᠮᠥᠨ ᠠᠴᠠ ᠪᠠᠨ ᠥ ᠡᠷᠢᠬᠦ ᠪᠣᠯ ᠲᠥᠷᠥᠯᠬᠢ ᠶᠢᠨ ᠵᠠᠩ ᠶᠤᠮ᠂ | ᠭᠡᠪᠡᠴᠦ ᠡᠭᠦᠨ ᠢ ᠲᠡᠪᠴᠢᠵᠦ᠂ ᠳᠣᠲᠣᠨᠣ ᠬᠥᠮᠥᠨ ᠠᠴᠠ ᠪᠠᠨ ᠥ ᠰᠡᠪ ᠡᠷᠢᠬᠦ ᠦᠭᠡᠢ ᠡᠪᠲᠡᠢ ᠬᠠᠷᠢᠯᠴᠠᠬᠤ ᠪᠣᠯ | ᠨᠢᠭᠡ ᠵᠦᠢᠯ ᠤᠨ ᠪᠣᠯᠪᠠᠰᠤᠷᠠᠯ ᠶᠤᠮ ᠰᠢᠦ᠃ ᠬᠤᠶᠠᠷ᠂ ᠠᠰᠢᠭ ᠲᠤᠰᠠ ᠳᠤ ᠬᠠᠨᠳᠤᠬᠤ ᠣᠪᠣᠷ᠃ ᠠᠰᠢᠭ | ᠲᠤᠰᠠ ᠶᠢᠨ ᠡᠮᠦᠨ᠎ᠡ᠂ ᠬᠥᠮᠥᠨ ᠬᠠᠮᠤᠭ ᠠᠴᠠ ᠠᠮᠠᠷᠬᠠᠨ ᠲᠠᠨᠢᠭᠳᠠᠳᠠᠭ᠃ ᠬᠡᠷᠪᠡ ᠨᠢᠭᠡ ᠬᠥᠮᠥᠨ ᠡᠳ᠋ ᠮᠥᠩᠭᠦᠨ ᠳᠤ | ᠨᠢᠳᠦ ᠨᠢ ᠬᠡᠳᠦ ᠤᠯᠠᠶᠢᠵᠤ᠂ ᠪᠤᠰᠤᠳ ᠢ ᠪᠤᠳᠤᠬᠤ ᠦᠭᠡᠢ ᠪᠣᠯ᠂ ᠵᠠᠮ ᠢᠶᠠᠨ ᠥᠪᠡᠷ ᠢᠶᠠᠨ ᠬᠠᠭᠠᠵᠤ᠂ | ᠬᠥᠮᠥᠨ ᠢᠶᠠᠨ ᠪᠠᠷᠠᠬᠤ ᠪᠣᠯᠣᠨ᠎ᠠ᠃ ᠭᠤᠷᠪᠠ᠂ ᠪᠠᠭᠤᠷᠠᠢ ᠳᠤ ᠬᠠᠨᠳᠤᠬᠤ ᠣᠪᠣᠷ᠃ ᠨᠢᠭᠡ ᠬᠥᠮᠥᠨ ᠤ ᠵᠢᠵᠢᠭ | ᠪᠠᠭᠤᠷᠠᠢ ᠳᠤ ᠬᠠᠨᠳᠤᠬᠤ ᠣᠪᠣᠷ ᠨᠢ ᠲᠡᠭᠦᠨ ᠤ ᠪᠣᠯᠪᠠᠰᠤᠷᠠᠯ ᠪᠠ ᠬᠢᠷᠢ ᠬᠡᠮᠵᠢᠶ᠎ᠡ ᠶᠢ ᠬᠠᠮᠤᠭ ᠠᠴᠠ ᠰᠠᠶᠢᠨ | ᠬᠠᠷᠠᠭᠤᠯᠵᠤ ᠴᠢᠳᠠᠳᠠᠭ᠃ ᠥᠪᠡᠷ ᠤᠨ ᠴᠢᠳᠠᠪᠤᠷᠢ ᠥᠨᠳᠥᠷ ᠭᠡᠳ ᠣᠮᠣᠷᠬᠠᠭ ᠳᠡᠭᠡᠷᠡᠩᠭᠦᠢ ᠣᠪᠣᠷ ᠢᠶᠠᠷ | ᠪᠤᠰᠤᠳ ᠲᠠᠢ ᠬᠠᠷᠢᠴᠠᠪᠠᠯ᠂ ᠥᠪᠡᠷ ᠤᠨ ᠪᠡᠶ᠎ᠡ ᠳᠡᠭᠡᠨ ᠥᠩᠭᠡ ᠭᠢᠯᠪᠠᠭ᠎ᠠ ᠨᠡᠮᠡᠷᠢᠯᠡᠵᠦ ᠴᠢᠳᠠᠬᠤ ᠦᠭᠡᠢ ᠮᠥᠷᠲᠡᠭᠡᠨ | ᠢᠪᠴᠤᠤ ᠪᠠᠭᠤᠷᠠᠢ ᠲᠠᠯ᠎ᠠ ᠪᠠᠨ ᠮᠡᠳᠡᠭᠳᠡᠬᠦ ᠪᠣᠯᠣᠨ᠎ᠠ᠃ ᠬᠠᠷᠢᠨ ᠵᠢᠩᠬᠢᠨᠢ ᠰᠢᠯᠢᠳᠡᠭ ᠬᠥᠮᠥᠨ ᠬᠡᠵᠢᠶᠡᠳᠡ ᠳᠠᠷᠤᠤ | ᠪᠠᠶᠢᠳᠠᠭ ᠶᠤᠮ᠃ ᠳᠥᠷᠪᠡ᠂ ᠠᠮᠠᠯᠠᠯᠲᠠ ᠳᠤ ᠬᠠᠨᠳᠤᠬᠤ ᠣᠪᠣᠷ᠃ ᠦᠨᠡᠨᠴᠢ ᠢᠲᠡᠭᠡᠮᠵᠢᠲᠡᠢ ᠪᠠᠶᠢᠬᠤ ᠪᠣᠯ | ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠪᠠᠰᠠ ᠴᠤ ᠬᠥᠮᠥᠨ ᠪᠣᠯᠬᠤ ᠶᠢᠨ ᠦᠨᠳᠦᠰᠦᠨ ᠶᠣᠰᠣ ᠮᠣᠷᠠᠯ ᠤᠨ | ᠪᠠᠷᠢᠮᠵᠢᠶ᠎ᠠ ᠶᠤᠮ᠃ ᠪᠤᠰᠤᠳ ᠲᠤ ᠠᠮᠠᠯᠠᠭᠰᠠᠨ ᠢᠶᠠᠨ ᠬᠡᠵᠢᠶᠡᠳᠡ ᠪᠡᠶᠡᠯᠡᠭᠦᠯᠵᠦ᠂ ᠬᠢᠵᠦ ᠴᠢᠳᠠᠬᠤ ᠦᠭᠡᠢ ᠪᠣᠯ | ᠬᠤᠭᠤᠰᠤᠨ ᠦᠭᠡ ᠶᠠᠷᠢᠬᠤ ᠦᠭᠡᠢ ᠪᠠᠶᠢᠬᠤ ᠨᠢ ᠰᠠᠶᠢᠨ᠃ |