ᠬᠤᠳᠣᠭᠤᠳᠤ ᠶᠢ ︽ᠬᠥᠭᠰᠢᠷᠡᠭᠦᠯᠦᠭᠴᠢ︾ — ᠳᠠᠪᠤᠰᠤ ᠶᠡᠬᠡᠲᠡᠢ ᠢᠳᠡᠭᠡᠨ
ᠨᠡᠶᠢᠲᠡᠯᠡᠭᠰᠡᠨ ᠴᠠᠭ᠄
2024/6/19
   ᠳᠠᠪᠤᠰᠤ ᠶᠡᠬᠡᠲᠡᠢ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠦᠪᠬᠡᠨ ᠴᠢᠰᠤᠨ ᠳᠠᠷᠤᠯᠲᠠ ᠶᠢ ᠥᠨᠳᠥᠷ ᠪᠤᠯᠭᠠᠬᠤ ᠲᠡᠳᠦᠢ ᠪᠢᠰᠢ᠂ ᠬᠤᠳᠣᠭᠤᠳᠤᠨ ᠤ ᠦᠷᠪᠢᠰᠦᠯ ᠤᠨ ᠡᠭᠦᠰᠦᠯᠲᠡ ᠨᠢ ᠴᠤ ᠳᠠᠪᠤᠰᠤ ᠶᠡᠬᠡᠲᠡᠢ ᠢᠳᠡᠭᠡᠨ ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃ ᠳᠠᠪᠤᠰᠤ ᠶᠢ ᠬᠡᠲᠦᠷᠬᠡᠢ ᠠᠷᠪᠢᠨ ᠰᠢᠩᠭᠡᠭᠡᠪᠡᠯ ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠤᠨ ᠬᠠᠨ᠎ᠠ ᠶᠢᠨ ᠡᠰ ᠢ ᠬᠤᠪᠢᠷᠠᠭᠤᠯᠤᠨ ᠤᠨᠠᠭᠠᠵᠤ ᠮᠡᠳᠡᠨ᠎ᠡ᠃ ᠬᠠᠨ᠎ᠠ ᠶᠢᠨ ᠡᠰ ᠪᠣᠯ ᠬᠤᠳᠣᠭᠤᠳᠤᠨ ᠤ ᠡᠷᠡᠭᠦᠯ ᠮᠡᠨᠳᠤ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠤᠨ ᠤ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠢ ᠨᠢ ᠪᠠᠰᠠ ᠬᠤᠳᠣᠭᠤᠳᠤᠨ ᠤ ᠦᠮᠡᠨ ᠢ ᠡᠭᠦᠰᠬᠡᠵᠦ ᠮᠡᠳᠡᠨ᠎ᠡ᠃ ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔ ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ ᠪᠣᠯᠣᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠣᠷᠪᠣᠭ ᠠᠮᠲᠠ ᠶᠢ ᠨᠡᠮᠡᠭᠳᠡᠭᠦᠯᠳᠡᠭ᠃ ᠪᠠᠰᠠ ᠦᠨᠦᠷᠲᠦ ᠨᠠᠪᠴᠢ᠂ ᠬᠤᠤᠵᠤᠤ ᠶᠢᠨ ᠨᠤᠨᠳᠠᠭ᠂ ᠶᠡᠷᠮ᠎ᠡ᠂ ᠰᠣᠩᠭᠢᠨ᠎ᠠ ᠰᠠᠷᠢᠮᠰᠠᠭ ᠭᠠ ᠮᠡᠲᠦ ᠶᠢᠨ ᠪᠠᠶᠢᠭᠠᠯᠢᠯᠢᠭ ᠠᠮᠲᠠ ᠤᠷᠤᠭᠤᠯᠬᠤ ᠡᠳ᠋ ᠢ ᠢᠯᠡᠭᠦᠦ ᠰᠢᠭ ᠬᠢᠵᠦ ᠪᠣᠯᠣᠨ᠎ᠠ᠃ ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂ ᠳᠠᠷᠤᠰᠢᠯᠠᠭᠰᠠᠨ ᠨᠣᠭᠤᠭ᠎ᠠ᠂ ᠪᠤᠷᠴᠠᠭ ᠤᠨ ᠵᠢᠶᠠᠩ᠂ ᠳᠠᠪᠤᠰᠤᠯᠠᠭᠰᠠᠨ ᠮᠢᠬ᠎ᠠ᠂ ᠰᠢᠷᠠᠮ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠣᠭᠤᠭ᠎ᠠ ᠬᠢᠬᠦ ᠳᠤ ᠵᠢᠶᠠᠩᠶ᠋ᠢᠦ ᠬᠢᠪᠡᠯ ᠳᠠᠪᠤᠰᠤ ᠶᠢ ᠪᠠᠭ᠎ᠠ ᠬᠢᠬᠦ ᠬᠡᠷᠡᠭᠲᠡᠢ᠂ ᠤᠴᠢᠷ ᠨᠢ 10ml ᠵᠢᠶᠠᠩᠶ᠋ᠢᠦ ᠳᠤ ᠪᠠᠷᠤᠭ 1.6 g ᠳᠠᠪᠤᠰᠤ ᠠᠭᠤᠯᠳᠠᠭ᠃ ᠡᠭᠦᠨ ᠠᠴᠠ ᠭᠠᠳᠠᠨ᠎ᠠ᠂ ᠪᠣᠭᠤᠳᠠᠯᠯᠠᠭᠰᠠᠨ ᠢᠳᠡᠬᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ ᠪᠦᠷᠢᠯᠳᠦᠭᠦᠨ ᠤ ᠬᠦᠰᠦᠨᠦᠭᠲᠦ ᠶᠢ ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠢ ᠢᠳᠡᠭᠡᠨ ᠢ ᠬᠤᠳᠠᠯᠳᠤᠨ ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠳ᠋ᠷᠢ ᠶᠢᠨ ᠠᠭᠤᠯᠠᠭᠳᠠᠴᠠ ᠨᠢ 800mg/100g ᠲᠡᠩᠴᠡᠭᠦᠦ ᠪᠤᠶᠤ ᠶᠡᠭᠡ ᠪᠤᠯᠬᠤ ᠢᠳᠡᠭᠡᠨ ᠢ ᠬᠤᠳᠠᠯᠳᠤᠨ ᠠᠪᠬᠤ ᠦᠭᠡᠢ ᠪᠣᠯ ᠰᠠᠶᠢᠨ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号