ᠬᠤᠰᠢᠭᠤᠨ ᠤ ᠨᠠᠮ ᠤᠨ ᠬᠤᠷᠢᠶᠠᠨ ᠤ ᠴᠠᠬᠳᠠᠨ ᠪᠠᠶᠢᠴᠠᠭᠠᠬᠤ ᠪᠠᠶᠢᠭᠤᠯᠤᠮᠵᠢ ᠣᠯᠠᠨ ᠲᠦᠮᠡᠨ ᠤ ᠮᠠᠭᠲᠠᠨ | ᠰᠠᠶᠢᠰᠢᠶᠠᠵᠤ ᠵᠥᠪᠰᠢᠶᠡᠷᠡᠬᠦ ᠦᠭᠡᠢ᠂ ᠬᠠᠨᠤᠮᠵᠢᠲᠠᠢ ᠪᠠᠶᠢᠬᠤ ᠡᠰᠡᠬᠦ ᠪᠠᠷ ᠠᠵᠢᠯ ᠢᠶᠠᠨ ᠰᠢᠯᠭᠠᠬᠤ ᠬᠡᠮᠵᠢᠭᠦᠷ ᠪᠣᠯᠭᠠᠵᠤ | ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠴᠠᠭᠳᠠᠨ | ᠪᠠᠶᠢᠴᠠᠭᠠᠬᠤ ᠲᠥᠪᠯᠡᠷᠡᠯ ᠤᠨ ᠴᠡᠭ᠂ ᠬᠦᠴᠦᠯᠡᠬᠦ ᠴᠡᠭ ᠪᠣᠯᠭᠠᠵᠤ᠂ ︽ᠵᠢᠵᠢᠭ ᠰᠠᠵᠢᠭ ᠵᠦᠢᠯ︾ ᠢᠶᠠᠷ ᠠᠷᠠᠳ ᠤᠨ | ᠠᠮᠢᠳᠤᠷᠠᠯ ᠤᠨ ︽ᠶᠡᠭᠡ ᠠᠰᠠᠭᠤᠳᠠᠯ︾ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠪᠡ᠃ | ᠡᠨᠡ ᠵᠢᠯ ᠤᠨ 3 ᠰᠠᠷ᠎ᠠ ᠳᠤ᠂ ᠬᠤᠰᠢᠭᠤᠨ ᠤ ᠴᠠᠭᠳᠠᠨ ᠪᠠᠶᠢᠴᠠᠭᠠᠬᠤ ᠳᠤᠭᠤᠶᠢᠯᠠᠩ ᠪᠠᠶᠠᠨᠮᠠᠩᠬ᠎ᠠ ᠰᠤᠮᠤ ᠵᠢᠴᠢ | ᠬᠠᠷᠢᠶ᠎ᠠ ᠭᠠᠴᠠᠭ᠎ᠠ ᠳᠤ ᠬᠦᠷᠴᠦ ᠲᠣᠭᠤᠷᠢᠨ ᠪᠠᠶᠢᠴᠠᠭᠠᠵᠤ᠂ ᠲᠣᠰᠬᠤᠨ ᠳᠤ ᠬᠦᠷᠴᠦ ᠰᠤᠷᠪᠤᠯᠵᠢᠯᠠᠬᠤ ᠶᠠᠪᠤᠴᠠ ᠳᠤ᠂ | ᠢᠯᠠᠯᠲᠠ ᠭᠠᠴᠠᠭᠠᠨ ᠤ ᠠᠷᠠᠳ ᠪᠦᠦ ᠵᠠᠨ ᠱᠠᠨ ᠤ ᠭᠡᠷ ᠪᠦᠯᠢ ᠶᠢᠨ ᠬᠦᠨᠳᠦ ᠡᠪᠡᠳᠴᠢᠨ ᠤ ᠵᠠᠷᠤᠯᠭ᠎ᠠ ᠶᠢ ᠣᠶᠢᠯᠠᠭᠠᠵᠤ | ᠂ ᠠᠮᠢᠳᠤᠷᠠᠯ ᠨᠢ ᠬᠦᠴᠢᠷᠳᠡᠯᠲᠡᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠪᠠᠶᠢᠭ᠎ᠠ ᠰᠤᠮᠤ | ᠪᠣᠯᠤᠨ ᠭᠠᠴᠠᠭᠠᠨ ᠳᠤ ᠠᠰᠠᠭᠤᠳᠠᠯ ᠢᠶᠠᠨ ᠲᠤᠰᠬᠠᠵᠤ᠂ ᠨᠡᠪᠲᠡᠷᠡᠯᠴᠡᠨ ᠵᠣᠬᠢᠴᠠᠭᠤᠯᠵᠤ᠂ ᠲᠣᠰᠬᠤᠨ ᠤ ᠠᠷᠠᠳ ᠢ | ᠬᠠᠪᠰᠤᠷᠤᠨ ᠯᠦᠩ ᠮᠧᠢ᠂ ᠪᠦᠦ ᠵᠠᠨ ᠱᠠᠨ ᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠬᠤ ᠪᠠᠷ | ᠭᠤᠶᠤᠴᠢᠯᠠᠵᠤ᠂ ᠲᠡᠳᠡᠨ ᠤ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ᠃ | ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠪᠠᠶᠠᠨᠮᠠᠩᠬ᠎ᠠ | ᠰᠤᠮᠤ ᠶᠢᠨ ᠠᠷᠪᠠᠢ ᠭᠠᠴᠠᠭ᠎ᠠ ᠳᠤ ᠬᠦᠷᠴᠦ ᠰᠤᠷᠪᠤᠯᠵᠢᠯᠠᠬᠤ ᠦᠶ᠎ᠡ ᠳᠤ᠂ 9 ᠨᠠᠰᠤᠲᠠᠢ ᠥᠨᠥᠴᠢᠨ ᠥᠷᠥᠭᠡᠰᠦᠨ | ᠭᠡᠷ ᠪᠦᠯᠢ ᠶᠢᠨ ᠬᠡᠦᠬᠡᠳ ᠲᠠᠢ ᠪᠠᠶᠢᠵᠤ᠂ ᠡᠵᠢ ᠨᠢ ᠬᠤᠶᠠᠳᠤᠭᠠᠷ ᠳᠡᠰ ᠤᠨ ᠵᠡᠮᠳᠡᠭ ᠬᠥᠮᠦᠨ᠂ ᠠᠰᠠᠷᠠᠨ ᠲᠡᠵᠢᠭᠡᠬᠦ | ᠴᠢᠳᠠᠪᠤᠷᠢ ᠦᠭᠡᠢ ᠪᠥᠭᠡᠳ ᠮᠥᠨ ᠴᠦ ᠣᠶᠤᠨ ᠮᠡᠳᠡᠷᠡᠯ ᠵᠡᠮᠳᠡᠭ ᠡᠪᠦᠭᠡ ᠪᠠ ᠨᠠᠰᠤ ᠠᠬᠠᠰᠢᠷᠠᠭᠰᠠᠨ ᠰᠦ ᠪᠠᠷ | ᠬᠡᠦᠬᠡᠳ ᠤᠨ ᠢᠶᠠᠨ ᠪᠣᠳᠠᠲᠠᠢ ᠬᠢᠨᠠᠨ ᠬᠠᠮᠠᠭᠠᠯᠠᠭᠴᠢ ᠨᠢ ︽ᠪᠣᠳᠠᠲᠠᠢ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ︾ | ᠲᠤ ᠬᠠᠷᠢᠶᠠᠯᠠᠭᠳᠠᠬᠤ ᠶᠢ ᠣᠯᠵᠤ ᠮᠡᠳᠡᠪᠡ᠂ ᠭᠡᠪᠡᠴᠦ ᠭᠠᠴᠠᠭ᠎ᠠ ᠳᠤ ᠳᠠᠩᠰᠠᠯᠠᠭᠳᠠᠭᠰᠠᠨ ᠦᠭᠡᠢ᠃ ᠣᠯᠠᠨ | ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠣᠨᠴᠠᠭᠠᠢ ᠬᠦᠴᠢᠷᠳᠡᠯᠲᠡᠢ ᠬᠥᠮᠦᠰ ᠲᠤ | ᠬᠤᠯᠪᠣᠭᠳᠠᠬᠤ ᠠᠰᠠᠭᠤᠳᠠᠯ ᠨᠡᠩ ᠴᠤ ᠥᠴᠦᠬᠡᠨ ᠴᠦ ᠣᠮᠲᠣᠭᠠᠶᠢᠯᠠᠵᠤ ᠪᠣᠯᠬᠤ ᠦᠭᠡᠢ᠃ ᠲᠤᠰ ᠪᠠᠶᠢᠳᠠᠯ ᠳᠤ | ᠴᠢᠭᠯᠡᠭᠦᠯᠦᠨ᠂ ᠴᠠᠭᠳᠠᠨ ᠪᠠᠶᠢᠴᠠᠭᠠᠬᠤ ᠳᠤᠭᠤᠶᠢᠯᠠᠩ ᠳᠠᠷᠤᠢ ᠲᠦᠷᠭᠡᠨ ᠲᠤᠰ ᠰᠤᠮᠤ ᠶᠢᠨ ᠠᠷᠠᠳ ᠤᠨ ᠶᠠᠪᠤᠳᠠᠯ ᠤᠨ | ᠭᠠᠵᠠᠷ᠂ ᠭᠠᠴᠠᠭ᠎ᠠ ᠯᠤᠭ᠎ᠠ ᠨᠡᠪᠲᠡᠷᠡᠯᠴᠡᠵᠦ᠂ ᠴᠠᠭᠳᠠᠨ ᠪᠠᠶᠢᠴᠠᠭᠠᠬᠤ ᠳᠤᠭᠤᠶᠢᠯᠠᠩ ᠲᠤᠰᠬᠠᠢ ᠬᠥᠮᠦᠨ | ᠲᠣᠬᠢᠷᠠᠭᠤᠯᠤᠨ ᠲᠤᠰ ᠵᠦᠢᠯᠡᠰ ᠢ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠰᠤᠮᠤ ᠪᠠ ᠭᠠᠴᠠᠭᠠᠨ ᠤ ᠬᠤᠶᠠᠷ | ᠱᠠᠲᠤᠨ ᠤ ᠪᠠᠶᠢᠭᠤᠯᠤᠮᠵᠢ ᠶᠢᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ | ᠠᠬᠢᠭᠤᠯᠵᠤ᠂ ᠬᠡᠦᠬᠡᠳ ᠢ ᠲᠡᠷᠡ ᠳᠠᠷᠤᠢ ᠳᠤᠨᠢ ︽ᠪᠣᠳᠠᠲᠠᠢ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ︾ ᠤᠨ | ᠨᠡᠷᠡᠰ ᠤᠨ ᠳᠡᠪᠲᠡᠷ ᠲᠤ ᠣᠷᠣᠭᠤᠯᠵᠤ᠂ ᠵᠣᠬᠢᠬᠤ ᠣᠯᠭᠤᠮᠵᠢ ᠬᠦᠷᠲᠡᠵᠦ᠂ ᠨᠠᠮ ᠪᠠ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠪᠦᠦ ᠶᠥᠩ ᠰᠢᠶᠠᠩ᠄ ︽ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ | ᠨᠢᠭᠤᠴᠠ ᠵᠣᠷ ᠦᠨᠡᠨ ᠪᠣᠳᠠᠲᠠᠢ ᠴᠠᠭᠳᠠᠨ ᠪᠠᠶᠢᠴᠠᠭᠠᠭᠰᠠᠨ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ | ᠠᠷᠠᠳ ᠲᠤ ᠦᠢᠯᠡᠴᠢᠯᠡᠨ᠎ᠡ︾ ᠭᠡᠪᠡ᠃ | ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠠᠴᠠ ᠨᠠᠰᠢ᠂ ᠬᠤᠰᠢᠭᠤᠨ ᠤ | ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠪᠠᠶᠢᠭᠤᠯᠤᠮᠵᠢ ︽ᠠᠰᠠᠭᠤᠳᠠᠯ ᠢ ᠢᠯᠡᠷᠡᠭᠦᠯᠬᠦ᠂ ᠰᠦᠷᠳᠡᠭᠦᠯᠦᠯ ᠢ | ᠪᠣᠢ ᠪᠣᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠲᠣᠭᠤᠷᠢᠨ ᠪᠠᠶᠢᠴᠠᠭᠠᠬᠤ | ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠴᠠ ᠰᠡᠯᠡᠮ᠎ᠡ ᠶᠢᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ 1000 ᠭᠠᠷᠤᠢ ᠠᠰᠠᠭᠤᠳᠠᠯ ᠢ ᠢᠯᠡᠷᠡᠭᠦᠯᠵᠦ᠂ 36 ᠰᠦᠪᠡᠭᠴᠢ ᠶᠢ | ᠰᠢᠯᠵᠢᠭᠦᠯᠦᠨ ᠲᠤᠰᠢᠶᠠᠵᠤ᠂ 8 ᠬᠥᠮᠦᠨ ᠢ ᠢᠳᠬᠠᠨ ᠪᠤᠴᠠᠭᠠᠵᠤ᠂ 11 ᠲᠠᠯᠠᠪᠠᠶ ᠬᠡᠮᠡᠷᠯᠢᠭ ᠲᠤᠭ ᠢ ᠬᠤᠷᠢᠶᠠᠵᠤ᠂ | 500 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠪᠠ᠃ ︽ᠰᠡᠭᠦᠯᠴᠢ ᠶᠢᠨ ᠬᠠᠭᠠᠰ | ᠶᠠᠪᠤᠳᠠᠯ︾ ᠢ ᠪᠣᠳᠠᠲᠠᠢ ᠪᠥᠭᠡᠳ ᠨᠠᠷᠢᠯᠢᠭ ᠬᠢᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ | ᠪᠦᠲᠦᠭᠡᠯ ᠤᠨ ᠬᠡᠷᠡᠭᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠦᠷᠢᠮ ᠲᠣᠭᠲᠠᠭᠠᠯ ᠲᠣᠭᠲᠠᠭᠠᠬᠤ ᠨᠢ 201 | ᠪᠠᠶᠢᠵᠤ᠂ ᠣᠳᠣᠬᠠᠨ ᠳᠤ ᠥᠭᠡᠷᠡᠴᠢᠯᠡᠬᠦ ᠪᠠ ᠤᠷᠲᠤ ᠬᠤᠭᠤᠴᠠᠭ᠎ᠠ ᠪᠠᠷ ᠪᠠᠶᠢᠭᠤᠯᠬᠤ ᠶᠢ ᠣᠷᠭᠠᠨᠢᠭ ᠢᠶᠠᠷ | ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠨᠢᠭᠲᠠ ᠦᠷᠭᠦᠯᠵᠢᠯᠡᠨ ᠠᠩᠬᠠᠷᠴᠤ᠂ ᠴᠠᠭᠳᠠᠨ ᠪᠠᠶᠢᠴᠠᠭᠠᠬᠤ ᠠᠵᠢᠯ ᠢ ᠳᠣᠷᠣᠭᠰᠢ | ᠤᠷᠲᠤᠳᠬᠠᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠦᠬᠦᠨ ᠢ ᠪᠦᠷᠬᠦᠬᠦᠯᠬᠦ ᠶᠢ | ᠪᠡᠶᠡᠯᠡᠭᠦᠯᠬᠦ ᠲᠠᠯ᠎ᠠ ᠪᠠᠷ ᠪᠠᠲᠤ ᠪᠠᠬᠢ ᠠᠯᠬᠤᠮ ᠢ ᠠᠯᠬᠤᠪᠠ᠃ |