ᠰᠢᠨᠬᠤᠸᠠ ᠬᠤᠷᠢᠶ᠎ᠠ ᠶᠢᠨ ᠶᠠᠨ ᠠᠨ ᠤ 6 ᠰᠠᠷ᠎ᠠ ᠶᠢᠨ 19 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ 17 ᠠᠴᠠ 19 ᠤ ᠡᠳᠦᠷ ᠪᠤᠯᠲᠠᠯ᠎ᠠ ᠱᠠᠨᠰᠢ ᠶᠢᠨ ᠶᠠᠨ ᠠᠨ ᠳᠤ | ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠰᠢ ᠶᠢᠨ ᠫᠢᠩ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ | ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠤᠯᠤᠰ ᠲᠦᠷᠦ ᠪᠠᠷ ᠴᠡᠷᠢᠭ ᠪᠠᠶᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠦᠷᠭᠦᠯᠵᠢᠯᠡᠨ ᠭᠦᠨᠵᠡᠭᠡᠶᠢᠷᠡᠭᠦᠯᠵᠦ | ᠂ ᠤᠯᠤᠰ ᠲᠦᠷᠦ ᠪᠠᠲᠤ ᠴᠢᠩᠭ᠎ᠠ᠂ ᠴᠢᠳᠠᠪᠤᠷᠢ ᠴᠠᠭᠠᠷᠠᠭᠰᠠᠨ ᠪᠠᠲᠤ ᠴᠢᠩᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢ | ᠳᠠᠪᠲᠠᠨ ᠪᠤᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠴᠡᠷᠢᠭ ᠢ | ᠬᠦᠴᠦᠷᠬᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ | ᠳᠠᠪᠲᠠᠨ ᠪᠤᠯᠪᠠᠰᠤᠷᠠᠭᠤᠯᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠦ ᠲᠠ ᠱᠠᠨ ᠠᠭᠤᠯᠠᠨ ᠬᠤᠷᠮᠣᠢ ᠳᠤ᠂ ᠶᠠᠨᠾᠧ ᠭᠤᠣᠯ ᠤᠨ ᠬᠥᠪᠡᠭᠡᠨ ᠳᠤ᠂ ᠬᠤᠪᠢᠰᠬᠠᠯ ᠤᠨ ᠭᠤᠯᠣᠮᠲᠠ ᠶᠠᠨ ᠠᠨ | ᠬᠠᠷᠠᠭ᠎ᠠ ᠳᠦᠭᠦᠷᠡᠩ ᠴᠡᠯᠡᠭᠡᠷ ᠰᠠᠬᠤᠯᠢᠭ ᠪᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 17 ᠤ ᠦᠳᠡ ᠶᠢᠨ | ᠬᠤᠶᠢᠨᠠᠬᠢ 3 ᠴᠠᠭ ᠤᠨ ᠦᠶ᠎ᠡ ᠪᠠᠷ᠂ ᠰᠢ ᠶᠢᠨ ᠫᠢᠩ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ | ᠪᠠᠭ ᠤᠨ ᠬᠢᠨ ᠪᠣᠯᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ | ᠸᠠᠩ ᠵᠢᠶᠠ ᠫᠢᠩ ᠤᠨ ᠬᠤᠪᠢᠰᠬᠠᠯ ᠤᠨ ᠬᠠᠭᠤᠴᠢᠨ ᠪᠠᠭᠤᠷᠢ ᠳᠤ ᠪᠠᠷᠠᠳᠠᠪᠠ᠃ ᠸᠠᠩ ᠵᠢᠶᠠ ᠫᠢᠩ ᠪᠣᠯ 1937 ᠣᠨ ᠤ 8 | ᠰᠠᠷ᠎ᠠ ᠠᠴᠠ 1947 ᠣᠨ ᠤ 3 ᠰᠠᠷ᠎ᠠ ᠪᠤᠯᠲᠠᠯ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠠᠭᠤᠭ᠎ᠠ ᠭᠠᠵᠠᠷ | ᠪᠠᠶᠢᠵᠤ᠂ ᠶᠠᠨ ᠠᠨ ᠤ ᠦᠶ᠎ᠡ ᠶᠢᠨ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠴᠢᠬᠤᠯᠠ ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠲᠥᠪ ᠪᠣᠯᠣᠨ᠎ᠠ᠃ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠬᠤᠷᠠᠯ ᠤᠨ ᠭᠡᠷ ᠲᠤ᠂ ᠰᠢ ᠶᠢᠨ ᠫᠢᠩ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠶᠠᠨ ᠠᠨ ᠤ ᠴᠠᠭ | ᠦᠶ᠎ᠡ ᠶᠢᠨ ᠴᠢᠬᠤᠯᠠ ᠶᠡᠭᠡ ᠳᠠᠶᠢᠯᠠᠯᠳᠤᠭᠠᠨ ᠢ ᠨᠢᠭᠡᠳᠦᠯᠲᠡᠢ ᠲᠥᠯᠥᠪᠯᠡᠨ ᠵᠢᠯᠣᠭᠤᠳᠤᠭᠰᠠᠨ ᠪᠠᠶᠢᠳᠠᠯ ᠢ ᠲᠤᠰᠬᠠᠭᠰᠠᠨ | ᠲᠡᠦᠬᠡ ᠶᠢᠨ ᠵᠢᠷᠤᠭᠲᠤ ᠬᠦᠰᠦᠨᠦᠭᠲᠦ ᠶᠢ ᠦᠵᠡᠵᠦ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠤᠶᠤᠨ ᠤᠬᠠᠭᠠᠨ ᠪᠣᠯᠣᠨ ᠤᠷᠠᠯᠢᠭ ᠢ ᠣᠶᠢᠯᠠᠭᠠᠵᠠᠢ᠃ ᠰᠢ ᠶᠢᠨ ᠫᠢᠩ ᠮᠠᠤ | ᠽᠧ ᠳ᠋ᠦᠩ᠂ ᠵᠧᠦ ᠧᠨ ᠯᠠᠢ᠂ ᠵᠦ ᠳ᠋ᠧ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠭᠤᠴᠢᠨ | ᠰᠠᠭᠤᠴᠠ ᠳᠤ ᠬᠦᠷᠴᠦ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠶᠠᠨ ᠠᠨ ᠳᠤ ᠪᠠᠶᠢᠭᠰᠠᠨ ᠬᠤᠪᠢᠰᠬᠠᠯ ᠤᠨ | ᠥᠩᠭᠡᠷᠡᠯᠲᠡ ᠶᠢ ᠡᠷᠭᠢᠴᠡᠭᠦᠯᠵᠦ᠂ ᠳᠡᠳᠡᠨ ᠤ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ︽ | ᠲᠤᠭᠤᠷ ᠤᠨ ᠤᠢ ᠶᠢᠨ ᠠᠭᠤᠳᠠᠮ ᠲᠠᠯᠠᠪᠠᠢ︾ ᠪᠠᠷ ᠥᠩᠭᠡᠷᠡᠬᠦ ᠳᠡᠭᠡᠨ᠂ ᠰᠢ ᠶᠢᠨ ᠫᠢᠩ ᠱᠠᠨᠰᠢ ᠭᠠᠨᠰᠤ ᠨᠢᠩᠰᠢᠶᠠ ᠶᠢᠨ | ᠬᠢᠵᠠᠭᠠᠷ ᠣᠷᠣᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠢ ᠪᠦᠲᠦᠭᠡᠯᠴᠢ ᠪᠠᠷ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ | ᠤᠯᠠᠨ ᠲᠠᠢ ᠬᠠᠮᠲᠤ ᠲᠤᠬᠠᠢ ᠶᠢᠨ ᠵᠢᠯ ᠤᠨ ᠬᠤᠪᠢᠰᠬᠠᠯᠲᠤ ᠪᠠᠶᠠᠰᠤᠩᠭᠤᠢ ᠦᠵᠡᠯ ᠤᠨ ᠵᠣᠷᠢᠭ ᠰᠠᠨᠠᠭ᠎ᠠ ᠪᠠᠷ ᠪᠢᠯᠬᠠᠭᠰᠠᠨ | ᠲᠠᠶᠢᠴᠢᠨ ᠠᠮᠢᠳᠤᠷᠠᠯ ᠢ ᠡᠷᠭᠢᠴᠡᠭᠦᠯᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠶᠣᠰᠣᠯᠠᠯ ᠤᠨ ᠲᠠᠩᠬᠢᠮ ᠳᠤ | ᠂ ᠰᠢ ᠶᠢᠨ ᠫᠢᠩ ᠲᠡᠦᠬᠡ ᠶᠢᠨ ᠭᠡᠷᠡᠯ ᠵᠢᠷᠤᠭ ᠢ ᠨᠠᠷᠢᠯᠢᠭ ᠦᠵᠡᠵᠦ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠦᠭᠦ ᠦᠨᠳᠦᠰᠦᠲᠡᠨ ᠤ ᠶᠠᠫᠤᠨ ᠢ | ᠡᠰᠡᠷᠭᠦᠴᠡᠬᠦ ᠲᠠᠶᠢᠨ ᠪᠣᠯᠣᠨ ᠴᠢᠯᠦᠭᠡᠯᠡᠬᠦ ᠲᠠᠶᠢᠨ ᠢ ᠤᠳᠤᠷᠢᠳᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠡᠷᠭᠢᠴᠡᠭᠦᠯᠪᠡ᠃ ᠰᠢ ᠶᠢᠨ ᠫᠢᠩ᠂ 10 ᠵᠢᠯ ᠤᠨ ᠡᠮᠦᠨ᠎ᠡ ᠪᠢᠳᠡ ᠭᠦ᠋ ᠲᠢᠶᠠᠨ ᠳᠤ ᠬᠦᠷᠴᠦ ᠪᠦᠭᠦ ᠴᠡᠷᠢᠭ ᠤᠨ ᠤᠯᠤᠰ | ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠡᠨᠡ ᠡᠳᠦᠷ ᠪᠢᠳᠡ ᠶᠠᠨ ᠠᠨ ᠳᠤ ᠢᠷᠡᠵᠦ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠰᠠ ᠨᠢᠭᠡ ᠤᠳᠠᠭ᠎ᠠ ᠤᠭ | ᠦᠨᠳᠦᠰᠦ ᠪᠠᠨ ᠡᠷᠢᠵᠦ᠂ ᠡᠬᠢ ᠡᠭᠦᠰᠦᠯ ᠢᠶᠠᠨ ᠬᠠᠶᠢᠪᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠤᠯᠤᠰ ᠢᠶᠠᠨ | ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠠᠯᠤᠰ ᠢᠷᠡᠭᠡᠳᠦᠢ ᠭᠡᠭᠡᠨ ᠰᠠᠷᠠᠭᠤᠯ᠂ ᠡᠭᠦᠷᠭᠡ ᠪᠡᠷᠬᠡ | ᠬᠠᠲᠠᠭᠤᠵᠢᠯᠲᠠᠢ ᠪᠠᠶᠢᠨ᠎ᠠ᠃ ᠪᠦᠭᠦ ᠴᠡᠷᠢᠭ ᠤᠨ ᠳᠡᠭᠡᠳᠦ ᠲᠡᠰ ᠤᠨ ᠺᠠᠳ᠋ᠷᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠶᠠᠨ ᠠᠨ ᠤ ᠵᠣᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠵᠤ᠂ ᠬᠤᠪᠢᠰᠬᠠᠯᠲᠤ ᠴᠢᠨᠠᠷᠲᠠᠢ ᠳᠠᠪᠲᠠᠨ | ᠪᠣᠯᠪᠠᠰᠤᠷᠠᠭᠤᠯᠤᠯᠲᠠ ᠶᠢ ᠲᠦᠷᠦᠭᠦᠯᠡᠨ ᠴᠢᠩᠭᠠᠳᠬᠠᠵᠤ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠲᠡᠦᠬᠡᠲᠦ | ᠬᠦᠨᠳᠦ ᠡᠭᠦᠷᠭᠡ ᠶᠢ ᠡᠭᠦᠷᠭᠡᠯᠡᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠪᠦᠯᠬᠦᠮᠳᠡᠭᠦᠯᠦᠨ ᠳᠠᠭᠠᠭᠤᠯᠵᠤ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠦᠷᠴᠦ᠂ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ | ᠠᠵᠢᠯ ᠤᠨ ᠬᠤᠷᠠᠯ ᠤᠨ ᠪᠦᠭᠦ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ ᠤᠯᠠᠨ ᠲᠠᠢ ᠬᠠᠮᠲᠤ | ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠭᠦ᠋ | ᠲᠢᠶᠠᠨ ᠤ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ | ᠰᠠᠨᠠᠭ᠎ᠠ ᠪᠠᠷ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠠᠵᠢᠯ ᠢ ᠠᠬᠢᠭᠤᠯᠵᠤ᠂ ᠰᠢᠢᠳᠮᠡᠭ | ᠵᠣᠷᠢᠭ ᠨᠢ ᠤᠷᠢᠳ ᠡᠮᠦᠨ᠎ᠡ ᠪᠠᠶᠢᠭ᠎ᠠ ᠦᠭᠡᠢ᠂ ᠡᠷᠴᠢᠮ ᠤᠨ ᠶᠡᠭᠡ ᠨᠢ ᠤᠷᠢᠳ ᠡᠮᠦᠨ᠎ᠡ ᠪᠠᠶᠢᠭ᠎ᠠ ᠦᠭᠡᠢ᠂ ᠰᠢᠨ᠎ᠡ ᠴᠠᠭ | ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ ᠬᠡᠷᠪᠡ | ᠤᠯᠤᠰ ᠲᠦᠷᠦ ᠶᠢᠨ ᠲᠠᠯ᠎ᠠ ᠪᠠᠷ ᠬᠢ ᠬᠤᠪᠢᠰᠬᠠᠯᠲᠤ ᠴᠢᠨᠠᠷᠲᠠᠢ ᠳᠠᠪᠲᠠᠯᠲᠠ ᠦᠭᠡᠢ ᠪᠣᠯ ᠰᠢᠨ᠎ᠡ ᠴᠠᠭ ᠦᠶ᠎ᠡ ᠶᠢᠨ | ᠠᠷᠠᠳ ᠤᠨ ᠴᠡᠷᠢᠭ ᠠᠩᠭᠢ ᠶᠢᠨ ᠠᠭᠤᠤ ᠶᠡᠭᠡ ᠬᠤᠪᠢᠰᠤᠯᠲᠠ ᠪᠠᠶᠢᠵᠤ ᠴᠢᠳᠠᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠤᠯᠤᠰ ᠲᠦᠷᠦ ᠪᠠᠷ ᠴᠡᠷᠢᠭ | ᠪᠠᠶᠢᠭᠤᠯᠬᠤ ᠤᠨᠤᠯ ᠤᠨ ᠰᠦᠪᠡᠭᠴᠢᠯᠡᠯᠲᠡ ᠪᠠ ᠦᠢᠯᠡᠳᠦᠯᠭᠡ ᠶᠢᠨ ᠡᠭᠦᠳᠦᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ | ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠷᠢᠯᠳᠦᠭᠦᠯᠵᠦ᠂ ᠤᠯᠤᠰ ᠲᠦᠷᠦ ᠪᠠᠷ ᠴᠡᠷᠢᠭ | ᠪᠠᠶᠢᠭᠤᠯᠬᠤ ᠪᠣᠯ ᠠᠷᠠᠳ ᠤᠨ ᠴᠡᠷᠢᠭ ᠠᠩᠭᠢ ᠶᠢᠨ ᠴᠡᠷᠢᠭ ᠪᠠᠶᠢᠭᠤᠯᠬᠤ ᠶᠢᠨ ᠦᠨᠳᠦᠰᠦ ᠮᠥᠨ ᠭᠡᠳᠡᠭ ᠢ ᠲᠣᠳᠣᠷᠬᠠᠶᠢᠯᠠᠵᠤ᠂ | ᠤᠯᠤᠰ ᠲᠦᠷᠦ ᠶᠢᠨ ᠠᠵᠢᠯ ᠪᠣᠯ ᠮᠠᠨ ᠤ ᠴᠡᠷᠢᠭ ᠤᠨ ᠡᠭᠦᠷᠢᠳᠡ ᠶᠢᠨ ᠠᠮᠢᠨ ᠰᠤᠳᠠᠰᠤ ᠮᠥᠨ ᠭᠡᠳᠡᠭ ᠢ ᠲᠣᠳᠣᠷᠬᠠᠶᠢᠯᠠᠵᠤ᠂ | ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠳᠤ ᠤᠯᠤᠰ ᠲᠦᠷᠦ ᠶᠢᠨ ᠲᠠᠯ᠎ᠠ ᠪᠠᠷ ᠬᠢ ᠦᠨᠳᠦᠰᠦ ᠠᠴᠠ ᠨᠢ ᠴᠡᠭᠴᠡᠯᠡᠨ | ᠵᠠᠰᠠᠬᠤ ᠶᠢ ᠲᠤᠪᠤᠶᠢᠯᠭᠠᠵᠦ᠂ ᠦᠵᠡᠯ ᠰᠠᠨᠠᠭᠠᠨ ᠤ ᠤᠳᠤᠷᠢᠳᠤᠯᠭ᠎ᠠ ᠶᠢ ᠡᠵᠡᠮᠳᠡᠬᠦ ᠪᠣᠯ ᠠᠯᠢᠪᠠ ᠤᠳᠤᠷᠢᠳᠤᠯᠭ᠎ᠠ ᠶᠢ | ᠡᠵᠡᠮᠳᠡᠬᠦ ᠶᠢᠨ ᠰᠠᠭᠤᠷᠢ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠬᠦᠴᠦᠨ ᠵᠣᠬᠢᠶᠠᠨ ᠪᠠᠶᠢᠭᠤᠯᠤᠯᠲᠠ ᠠᠴᠠ ᠢᠷᠡᠬᠦ᠂ | ᠴᠡᠷᠢᠭ ᠠᠩᠭᠢ ᠶᠢᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠵᠣᠬᠢᠶᠠᠨ ᠪᠠᠶᠢᠭᠤᠯᠤᠯᠲᠠ ᠠᠴᠠ ᠢᠷᠡᠬᠦ ᠭᠡᠳᠡᠭ ᠢ | ᠲᠣᠳᠣᠷᠬᠠᠶᠢᠯᠠᠵᠤ᠂ ᠵᠡᠪᠰᠡᠭ ᠢ ᠢᠮᠠᠭᠲᠠ ᠨᠠᠮ ᠳᠠᠭᠠᠨ ᠦᠨᠡᠨᠴᠢ ᠰᠢᠳᠤᠷᠭᠤ ᠨᠠᠶᠢᠳᠠᠪᠤᠷᠢᠲᠠᠢ ᠬᠥᠮᠥᠨ ᠤ ᠭᠠᠷ ᠲᠤ | ᠡᠵᠡᠮᠳᠡᠭᠦᠯᠬᠦ ᠬᠡᠷᠡᠭᠲᠡᠢ ᠭᠡᠳᠡᠭ ᠢ ᠲᠣᠳᠣᠷᠬᠠᠶᠢᠯᠠᠵᠤ᠂ ᠴᠢᠩᠭ᠎ᠠ ᠪᠠᠶᠢᠪᠠᠯ ᠰᠠᠶ᠋ᠢ ᠬᠥᠲᠥᠯᠪᠦᠷᠢ ᠶᠢ ᠲᠥᠪ ᠪᠤᠯᠭᠠᠵᠤ᠂ ᠴᠢᠩᠭ᠎ᠠ | ᠪᠠᠶᠢᠪᠠᠯ ᠰᠠᠶ᠋ᠢ ᠴᠡᠷᠢᠭ ᠤᠨ ᠰᠦᠷ ᠬᠦᠴᠦᠨ ᠢ ᠴᠢᠩᠳᠠᠯᠠᠵᠤ᠂ ᠴᠢᠩᠭ᠎ᠠ ᠪᠠᠶᠢᠪᠠᠯ ᠰᠠᠶ᠋ᠢ ᠲᠠᠶᠢᠴᠢᠨ ᠬᠦᠴᠦᠨ ᠲᠠᠢ ᠪᠣᠯᠵᠤ | ᠴᠢᠳᠠᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠠᠩᠭᠢ ᠶᠢᠨ ᠳᠣᠲᠣᠭᠠᠳᠤ ᠳᠤ ᠶᠠᠭᠠᠬᠢᠭᠰᠠᠨ ᠴᠤ ᠢᠯᠵᠠᠷᠠᠮᠠᠯ ᠡᠲᠡᠭᠡᠳ ᠤᠨ | ᠪᠡᠶ᠎ᠡ ᠳᠠᠯᠳᠠᠯᠠᠬᠤ ᠭᠠᠵᠠᠷ ᠪᠠᠶᠢᠵᠤ ᠪᠤᠯᠬᠤ ᠦᠭᠡᠢ ᠭᠡᠳᠡᠭ ᠢ ᠲᠣᠳᠣᠷᠬᠠᠶᠢᠯᠠᠵᠤ᠂ ᠰᠤᠷᠲᠠᠯ ᠰᠢᠯᠢᠳᠡᠭ ᠰᠠᠶᠢᠨ ᠪᠠᠶᠢᠮᠠᠨᠵᠢᠨ | ᠰᠠᠶ᠋ᠢ ᠪᠠᠭᠠᠲᠤᠷᠯᠢᠭ ᠴᠡᠷᠢᠭ ᠠᠩᠭᠢ ᠶᠢ ᠪᠠᠶᠢᠭᠤᠯᠵᠤ ᠲᠠᠶᠢᠯᠤᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠪᠣᠯ ᠮᠠᠨ ᠤ ᠴᠡᠷᠢᠭ ᠤᠨ ᠢᠯᠠᠯᠲᠠ ᠣᠯᠬᠤ ᠡᠷᠳᠡᠨᠢ ᠮᠥᠨ ᠭᠡᠳᠡᠭ ᠢ ᠲᠣᠳᠣᠷᠬᠠᠶᠢᠯᠠᠪᠠ᠃ ᠰᠢᠨ᠎ᠡ | ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠢ | ᠰᠤᠷᠤᠯᠴᠠᠨ ᠣᠶᠢᠯᠠᠭᠠᠵᠤ᠂ ᠥᠴᠥᠬᠡᠨ ᠴᠦ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠥᠭᠡᠳ | ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ᠂ ᠤᠯᠤᠰ ᠤᠨ ᠪᠠᠶᠢᠳᠠᠯ᠂ ᠨᠠᠮ ᠤᠨ ᠪᠠᠶᠢᠳᠠᠯ᠂ ᠴᠡᠷᠢᠭ ᠤᠨ | ᠪᠠᠶᠢᠳᠠᠯ ᠳᠤ ᠴᠥᠮ ᠨᠠᠷᠢᠨ ᠪᠤᠳᠤᠯᠢᠶᠠᠨᠲᠠᠢ ᠭᠦᠨᠵᠡᠭᠡᠢ ᠬᠤᠪᠢᠷᠠᠯᠲᠠ ᠭᠠᠷᠴᠤ᠂ ᠮᠠᠨ ᠤ ᠴᠡᠷᠢᠭ ᠤᠨ ᠤᠯᠤᠰ ᠲᠦᠷᠦ ᠶᠢᠨ | ᠲᠠᠯ᠎ᠠ ᠪᠠᠷ ᠲᠤᠯᠭᠠᠷᠠᠵᠤ ᠪᠠᠶᠢᠭ᠎ᠠ ᠰᠢᠯᠭᠠᠯᠲᠠ ᠨᠠᠷᠢᠨ ᠪᠤᠳᠤᠯᠢᠶᠠᠨᠲᠠᠢ ᠪᠠᠶᠢᠨ᠎ᠠ᠃ ᠤᠯᠤᠰ ᠲᠦᠷᠦ ᠪᠠᠷ ᠴᠡᠷᠢᠭ ᠪᠠᠶᠢᠭᠤᠯᠬᠤ | ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠢ ᠨᠢᠭᠡ ᠮᠥᠴᠡ | ᠴᠦ ᠵᠣᠭᠰᠣᠯ ᠦᠭᠡᠢ ᠠᠬᠢᠭᠤᠯᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ ᠵᠣᠷᠢᠯᠲᠠ ᠪᠠᠨ ᠡᠭᠦᠷᠢᠳᠡ | ᠬᠠᠳᠠᠭᠠᠯᠠᠵᠤ᠂ ᠢᠮᠠᠭᠲᠠ ᠵᠣᠷᠢᠭᠲᠠᠢ ᠪᠠᠷ ᠪᠠᠶᠢᠯᠳᠤᠵᠤ ᠵᠠᠪᠠᠯ ᠢᠯᠠᠯᠲᠠ ᠣᠯᠵᠤ᠂ ᠢᠮᠠᠭᠲᠠ ᠪᠦᠯᠬᠦᠮᠳᠡᠨ ᠲᠡᠮᠡᠴᠡᠵᠦ᠂ | ᠢᠮᠠᠭᠲᠠ ᠴᠢᠳᠠᠪᠤᠷᠢᠲᠠᠨ ᠴᠣᠯᠭᠤᠷᠠᠵᠤ᠂ ᠢᠮᠠᠭᠲᠠ ᠴᠡᠪᠡᠷ ᠴᠢᠬᠡᠴᠢ ᠥᠩᠭᠡ ᠭᠡᠷᠡᠯ ᠲᠠᠢ ᠪᠠᠶᠢᠵᠤ᠂ ᠢᠮᠠᠭᠲᠠ ᠬᠠᠤᠯᠢ | ᠴᠠᠭᠠᠵᠠ ᠰᠠᠬᠢᠯᠭ᠎ᠠ ᠪᠠᠲᠤ ᠶᠢ ᠴᠢᠩᠳᠠᠯᠠᠵᠤ᠂ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠮᠠᠨ ᠤ ᠴᠡᠷᠢᠭ ᠤᠨ ᠤᠯᠤᠰ | ᠲᠦᠷᠦ ᠶᠢᠨ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠣᠳᠣᠬᠠᠨ ᠤ ᠤᠯᠤᠰ ᠲᠥᠷᠥ ᠪᠠᠷ ᠴᠡᠷᠢᠭ ᠪᠠᠶᠢᠭᠤᠯᠬᠤ ᠶᠢᠨ ᠰᠢᠢᠳᠪᠦᠷᠢᠯᠡᠬᠦ ᠴᠢᠬᠤᠯᠠᠲᠠᠢ ᠭᠦᠨ | ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ ᠢ ᠭᠦᠨᠵᠡᠭᠡᠢ ᠵᠠᠳᠠᠯᠪᠠ᠃ ᠲᠡᠷᠡ᠂ ᠡᠳᠡᠭᠡᠷ ᠠᠰᠠᠭᠤᠳᠠᠯ ᠨᠢ ᠤᠯᠤᠰ | ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ᠂ ᠰᠠᠬᠢᠯᠭ᠎ᠠ ᠪᠠᠲᠤ ᠵᠡᠷᠭᠡ ᠲᠠᠯ᠎ᠠ ᠪᠠᠷ ᠢᠯᠡᠷᠡᠵᠦ᠂ | ᠦᠨᠳᠦᠰᠦ ᠨᠢ ᠬᠦᠰᠡᠯᠡᠩ ᠢᠲᠡᠭᠡᠯ ᠪᠢᠰᠢᠷᠡᠯ᠂ ᠨᠠᠮᠴᠢ ᠴᠢᠨᠠᠷ ᠤᠨ ᠬᠡᠪ ᠪᠣᠯᠪᠠᠰᠤᠷᠠᠯ᠂ ᠤᠳᠤᠷᠢᠳᠬᠤ ᠺᠠᠳ᠋ᠷᠴᠤᠳ ᠤᠨ | ᠶᠣᠰᠣ ᠮᠣᠷᠠᠯ ᠬᠥᠮᠥᠨ ᠮᠥᠰᠥ ᠳᠡᠭᠡᠷ᠎ᠡ ᠪᠠᠶᠢᠨ᠎ᠠ᠃ ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠥᠪᠡᠷ ᠢ ᠪᠠᠨ | ᠲᠣᠯᠢᠳᠠᠵᠤ᠂ ᠨᠢᠭᠤᠷ ᠲᠠᠯ᠎ᠠ ᠬᠠᠶᠠᠬᠤ᠂ ᠳᠤᠲᠠᠭᠳᠠᠯ ᠢᠶᠠᠨ ᠢᠯᠡᠴᠢᠯᠡᠬᠦ ᠰᠥᠰᠥ ᠵᠣᠷᠢᠭ ᠢᠶᠠᠷ ᠦᠨᠳᠦᠰᠦ ᠰᠤᠷᠪᠤᠯᠵᠢ ᠶᠢ | ᠭᠦᠨ ᠠᠭᠤᠳᠠᠯᠵᠤ᠂ ᠰᠦᠭ ᠰᠦᠨᠡᠰᠦ ᠶᠢ ᠭᠦᠨᠳᠡᠭᠦ ᠣᠪᠣᠷ ᠢᠶᠠᠷ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ | ᠴᠡᠭᠴᠡᠯᠡᠨ ᠰᠠᠶᠢᠵᠢᠷᠠᠭᠤᠯᠵᠤ᠂ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠤᠰ | ᠲᠥᠷᠥ ᠪᠠᠷ ᠴᠡᠷᠢᠭ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠳᠤ 6 ᠲᠠᠯ᠎ᠠ ᠶᠢᠨ | ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠲᠤ᠂ ᠦᠵᠡᠯ ᠰᠠᠨᠠᠭ᠎ᠠ ᠪᠠᠨ ᠥᠭᠡᠷᠡᠴᠢᠯᠡᠬᠦ | ᠤᠬᠠᠮᠰᠠᠷᠲᠤ ᠴᠢᠨᠠᠷ ᠪᠠ ᠲᠦᠢᠯᠪᠤᠷᠢᠲᠤ ᠴᠢᠨᠠᠷ ᠢᠶᠠᠨ ᠴᠢᠩᠭᠠᠳᠬᠠᠨ᠎ᠠ᠃ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ | ᠵᠡᠪᠰᠡᠭᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠣᠶᠢᠯᠠᠭᠠᠵᠤ ᠤᠭ | ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ | ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠳᠡᠭᠡᠳᠦ ᠲᠡᠰ ᠤᠨ ᠺᠠᠳ᠋ᠷ ᠲᠤ ᠡᠩ ᠲᠡᠷᠢᠭᠦᠨ ᠳᠤ ᠬᠥᠮᠦᠵᠢᠯ ᠬᠦᠷᠲᠡᠭᠡᠬᠦ ᠶᠢ | ᠪᠠᠷᠢᠮᠲᠠᠯᠠᠵᠤ᠂ ᠮᠠᠨ ᠤ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠬᠤ | ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠬᠤᠶᠠᠳᠤᠭᠠᠷ ᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ | ᠴᠢᠳᠠᠪᠤᠷᠢ ᠪᠠᠨ ᠴᠢᠩᠭᠠᠳᠬᠠᠵᠤ᠂ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠶᠢ ᠠᠳᠬᠤᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠡᠯ᠎ᠡ ᠬᠦᠷᠢᠶ᠎ᠡ ᠪᠠ ᠪᠦᠭᠦ | ᠶᠠᠪᠤᠴᠠ ᠳᠤ ᠲᠤᠭᠤᠰᠢᠯᠠᠭᠤᠯᠤᠨ᠎ᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ | ᠬᠤᠷᠢᠶ᠎ᠠ ᠶᠢᠨ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠰᠢᠯᠢᠳᠡᠭᠵᠢᠭᠦᠯᠵᠦ᠂ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠴᠦ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ ᠨᠠᠮ ᠤᠨ ᠬᠤᠷᠢᠶ᠎ᠠ ᠶᠢᠨ | ᠱᠦᠵᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠨ᠎ᠠ᠃ | ᠭᠤᠷᠪᠠᠳᠤᠭᠠᠷ ᠲᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ | ᠪᠦᠷᠢᠨ ᠪᠦᠲᠦᠨ ᠵᠥᠪ ᠣᠨᠣᠪᠴᠢᠲᠠᠢ ᠣᠶᠢᠯᠠᠭᠠᠨ ᠡᠵᠡᠮᠰᠢᠵᠦ᠂ ᠡᠨᠡ ᠬᠦ ᠪᠠᠷᠢᠮᠵᠢᠶ᠎ᠠ ᠶᠢ ᠺᠠᠳ᠋ᠷᠴᠤᠳ ᠤᠨ ᠠᠵᠢᠯ ᠤᠨ ᠡᠯ᠎ᠡ | ᠭᠤᠭᠴᠤᠭ᠎ᠠ ᠳᠤ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠺᠠᠳ᠋ᠷ ᠢ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠵᠤ᠂ | ᠬᠡᠷᠡᠭ ᠤᠴᠢᠷ ᠢ ᠣᠶᠢᠯᠠᠭᠠᠵᠤ ᠬᠥᠮᠥᠨ ᠢ ᠲᠠᠨᠢᠬᠤ ᠳᠤ ᠨᠠᠷᠢᠯᠢᠭ ᠣᠨᠣᠴᠠᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠪᠦᠭᠦ ᠬᠡᠯᠬᠢᠶ᠎ᠡ ᠵᠠᠮ ᠢᠶᠠᠷ ᠪᠦᠲᠦᠭᠡᠨ ᠪᠠᠶᠢᠭᠤᠯᠤᠯᠲᠠ ᠶᠢ ᠠᠳᠬᠤᠬᠤ ᠣᠶᠢᠯᠠᠭᠠᠭᠳᠠᠬᠤᠨ ᠢ ᠲᠤᠭᠤᠰᠢᠯᠠᠭᠤᠯᠵᠤ᠂ | ᠴᠢᠳᠠᠪᠤᠷᠢᠲᠠᠨ ᠢ ᠬᠥᠮᠥᠵᠢᠭᠦᠯᠬᠦ ᠶᠢ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠠᠳᠬᠤᠵᠤ᠂ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡᠳᠦᠭᠡᠷ ᠲᠤ᠂ | ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠨ᠎ᠠ᠃ ᠴᠢᠩᠭ᠎ᠠ ᠪᠠᠶᠢᠬᠤ ᠦᠨᠳᠦᠰᠦᠨ | ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠰᠢᠰᠲ᠋ᠧᠮ ᠲᠠᠢ | ᠵᠠᠰᠠᠵᠤ᠂ ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠬᠢᠨᠠᠯᠲᠠ ᠲᠠᠯᠪᠢᠬᠤ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠴᠢᠬᠡᠴᠢ ᠵᠠᠰᠠᠭ ᠤᠨ ᠭᠤᠣᠯᠯᠠᠨ | ᠬᠠᠮᠢᠶᠠᠷᠬᠤ ᠬᠠᠷᠢᠭᠤᠴᠠᠯᠭ᠎ᠠ ᠶᠢ ᠨᠡᠪᠲᠡᠷᠡᠯᠴᠡᠭᠦᠯᠦᠨ ᠪᠣᠳᠠᠲᠠᠶᠢᠵᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ | ᠥᠷᠭᠡᠴᠡ ᠶᠢ ᠥᠷᠭᠡᠳᠬᠡᠨ᠎ᠡ᠃ ᠡᠷᠬᠡ ᠶᠢᠨ ᠲᠣᠬᠢᠷᠠᠭᠤᠯᠤᠯᠲᠠ ᠪᠠ ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠬᠦ ᠪᠠᠭᠠᠵᠢ ᠶᠢᠨ | ᠬᠠᠶᠢᠷᠴᠠᠭ ᠢ ᠪᠠᠶᠠᠯᠢᠭᠵᠢᠭᠤᠯᠤᠨ᠂ ᠳᠡᠭᠡᠳᠦ ᠳᠡᠰ ᠤᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ | ᠡᠷᠬᠡ ᠪᠠᠨ ᠬᠡᠷᠡᠭᠯᠡᠬᠦ ᠲᠠᠯ᠎ᠠ ᠪᠠᠷ ᠬᠢ ᠪᠦᠭᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠪᠤᠳᠤᠭᠠᠷ ᠲᠤ᠂ | ᠠᠵᠢᠯ ᠬᠢᠵᠦ ᠦᠢᠯᠡᠰ ᠪᠣᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠨ᠎ᠡ᠃ ᠰᠢᠨᠵᠢᠯᠡᠬᠦ ᠤᠬᠠᠭᠠᠨᠴᠢ | ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠴᠢᠯᠡᠵᠦ᠂ ︽ᠲᠠᠪᠤᠨ ᠤᠯᠠᠨ︾ ᠢ | ᠭᠦᠨᠵᠡᠭᠡᠢ ᠵᠠᠯᠠᠷᠠᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠴᠡᠷᠢᠭ ᠬᠥᠮᠥᠨ ᠤ ᠣᠯᠭᠤᠮᠵᠢ ᠶᠢᠨ | ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠳ᠋ᠷ︾ ᠢ | ᠨᠠᠪᠲᠠᠷᠡᠭᠦᠯᠵᠦ᠂ ᠦᠨᠳᠦᠰᠦᠨ ᠱᠠᠲᠤᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠳᠠᠷᠤᠭ᠎ᠠ ᠪᠠᠶᠢᠯᠳᠤᠭᠴᠢ ᠶᠢᠨ | ᠬᠦᠷᠲᠡᠮᠵᠢ ᠶᠢᠨ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠦᠨ᠎ᠡ᠃ ᠵᠢᠷᠭᠤᠳᠤᠭᠠᠷ ᠲᠤ᠂ ᠤᠯᠤᠰ | ᠲᠦᠷᠦ ᠶᠢᠨ ᠠᠵᠢᠯ ᠤᠨ ᠰᠢᠯᠢᠳᠡᠭ ᠤᠯᠠᠮᠵᠢᠯᠠᠯ ᠢ ᠰᠡᠷᠭᠦᠭᠡᠨ ᠪᠠᠳᠠᠷᠠᠭᠤᠯᠤᠨ᠎ᠠ᠃ ᠦᠨᠡᠨ ᠠᠴᠠ ᠵᠥᠪ ᠢ ᠡᠷᠢᠬᠦ ᠶᠢ | ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠭᠦ ᠨᠢ ᠬᠡᠯᠡᠵᠦ ᠰᠤᠷᠭᠠᠬᠤ ᠠᠴᠠ ᠳᠡᠭᠡᠷ᠎ᠡ ᠪᠠᠶᠢᠬᠤ ᠶᠢ ᠪᠠᠷᠢᠮᠲᠠᠯᠠᠵᠤ᠂ | ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠪᠣᠯᠵᠤ᠂ ᠴᠠᠭᠠᠷᠠᠭᠰᠠᠨ ᠰᠤᠷᠲᠠᠯ ᠪᠠ ᠳᠦᠷᠢ ᠲᠥᠷᠬᠦ ᠪᠠᠷ ᠴᠡᠷᠢᠭ ᠠᠩᠭᠢ ᠶᠢ ᠤᠷᠢᠶᠠᠯᠠᠨ ᠳᠠᠶᠢᠴᠢᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠪᠣᠯ ᠪᠦᠭᠦ ᠴᠡᠷᠢᠭ ᠤᠨ ᠬᠠᠮᠲᠤ ᠶᠢᠨ | ᠬᠠᠷᠢᠭᠤᠴᠠᠯᠭ᠎ᠠ ᠮᠥᠨ᠂ ᠴᠡᠷᠢᠭ ᠤᠨ ᠶᠠᠪᠤᠳᠠᠯ ᠤᠨ ᠬᠤᠷᠢᠶ᠎ᠠ ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ | ᠨᠢᠭᠡᠴᠢ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ | ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠮᠠᠨ ᠤ ᠨᠠᠮ ᠤᠨ ᠤᠳᠤᠷᠢᠳᠤᠭᠰᠠᠨ ᠡᠨᠡ ᠬᠦ ᠪᠠᠭᠠᠲᠤᠷᠯᠢᠭ ᠴᠡᠷᠢᠭ ᠠᠩᠭᠢ ᠶᠢ | ᠨᠡᠩ ᠪᠠᠲᠤ ᠴᠢᠩᠭ᠎ᠠ ᠪᠣᠯᠭᠠᠨ ᠪᠤᠯᠪᠠᠰᠤᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠴᠡᠷᠢᠭ ᠪᠠᠶᠢᠭᠤᠯᠤᠭᠳᠠᠭᠰᠠᠨ 100 | ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ | ᠰᠢ ᠶᠢᠨ ᠫᠢᠩ ᠪᠡᠶ᠎ᠡ ᠪᠠᠷ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠬᠤᠷᠠᠯᠳᠤᠭᠤᠯᠤᠭᠰᠠᠨ ᠶᠤᠮ᠃ ᠬᠤᠷᠠᠯ ᠠᠴᠠ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ | ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ | ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ᠂ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠪᠠ᠃ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ | ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠵᠢᠯᠤᠭᠤᠳᠬᠤ ᠲᠥᠪ᠂ ᠡᠯ᠎ᠡ | ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ | ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ |