ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠢ ᠪᠥᠲᠥᠭᠡᠨ ᠪᠠᠶᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠳᠤᠮᠳᠠ ᠨᠢᠩᠰᠢᠶᠠ ᠶᠢᠨ ᠬᠠᠭᠤᠳᠠᠰᠤ ᠶᠢ ᠰᠠᠶᠢᠳᠤᠷ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/24
   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠨᠢᠩᠰᠢᠶᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠢ ᠪᠥᠲᠥᠭᠡᠨ ᠪᠠᠶᠢᠭᠤᠯᠬᠤ ᠪᠠᠷ ᠵᠢᠯᠤᠭᠤᠳᠤᠮᠵᠢ ᠪᠤᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠦ᠋ᠬᠦᠢ ᠬᠠᠮᠠᠭᠠᠯᠠᠯᠲᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠭᠡᠬᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠪᠠ ᠬᠠᠮᠲᠤ ᠪᠠᠷ ᠪᠠᠶᠠᠵᠢᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠴᠡᠴᠡᠭᠯᠡᠨ ᠬᠦᠭᠵᠢᠭᠰᠡᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠣᠷᠴᠢᠨ ᠲᠣᠭᠤᠷᠢᠨ ᠭᠤᠶᠤ ᠰᠠᠶᠢᠬᠠᠨ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠭᠦᠯᠡᠩᠲᠦ ᠰᠠᠶᠢᠬᠠᠨ ᠰᠢᠨ᠎ᠡ ᠨᠢᠩᠰᠢᠶᠠ ᠢᠢ ᠲᠦᠷᠭᠡᠳᠭᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠢᠩᠰᠢᠶᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃   6 ᠰᠠᠷ᠎ᠠ ᠶᠢᠨ 19 ᠤ ᠡᠳᠦᠷ ᠰᠢ ᠶᠢᠨ ᠫᠢᠩ ᠬᠥᠬᠡᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠᠨ ᠲᠡᠭᠦᠰᠭᠡᠭᠰᠡᠨ ᠤ ᠳᠠᠷᠠᠭ᠎ᠠ ᠨᠢᠩᠰᠢᠶᠠ ᠳᠤ ᠬᠦᠷᠪᠡ᠃ ᠲᠤᠰ ᠡᠳᠦᠷ ᠤᠨ ᠦᠳᠡ ᠶᠢᠨ ᠬᠤᠶᠢᠨ᠎ᠠ ᠲᠡᠷᠡ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠵᠠᠩ ᠢᠦᠢ ᠫᠦ ᠶᠢᠨ ᠪᠠᠷ᠎ᠠ ᠪᠤᠯᠤᠯᠭ᠎ᠠ ᠲᠠᠢ ᠪᠠᠷ ᠢᠷᠭᠠᠢ ᠬᠤᠳᠠ ᠳᠤ ᠬᠦᠷᠴᠦ ᠪᠠᠶᠢᠴᠠᠭᠠᠨ ᠰᠤᠳᠤᠯᠵᠡᠢ᠃   ᠢᠷᠭᠠᠢ ᠬᠤᠲᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠮᠣ ᠬᠡᠯᠪᠡᠷᠢ ᠶᠢᠨ ᠨᠡᠶᠢᠭᠡᠮ ᠲᠣᠭᠤᠷᠢᠭ ᠪᠣᠯᠤᠨ᠎ᠠ᠃ ᠰᠢ ᠶᠢᠨ ᠫᠢᠩ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠷᠲᠡᠭᠡ ᠂ ᠬᠠᠶᠢᠷ᠎ᠠ ᠬᠠᠯᠠᠮᠵᠢᠲᠤ ᠬᠠᠮ ᠳᠡᠯᠭᠡᠭᠦᠷ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠢᠨ ᠦᠢᠯᠡᠳᠦᠯ ᠢ ᠪᠠᠳᠠᠷᠠᠭᠤᠯᠵᠤ ᠪᠠᠶᠢᠬᠤ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠥᠷᠨᠢᠭᠦᠯᠵᠦ ᠪᠠᠶᠢᠬᠤ ᠪᠠ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠥᠷᠨᠢᠭᠦᠯᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠲᠡᠷᠡ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠬ ᠲᠤ ᠬᠦᠷᠴᠦ᠂ ᠰᠠᠭᠤᠭᠠᠯᠢ ᠠᠷᠠᠳ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ᠂ ᠪᠥᠵᠢᠭ ᠤᠨ ᠪᠣᠯᠪᠠᠰᠤᠷᠠᠯ ᠢ ᠰᠣᠨᠢᠷᠬᠠᠵᠤ᠂ ᠤᠯᠠᠨ ᠲᠠᠢ ᠳᠣᠲᠣᠨᠣ ᠪᠠᠷ ᠶᠠᠷᠢᠯᠴᠠᠨ ᠰᠤᠯᠢᠯᠴᠠᠵᠤ᠂ ᠠᠵᠢᠯ ᠠᠴᠠ ᠪᠠᠨ ᠠᠮᠠᠷᠠᠭᠰᠠᠨ ᠰᠠᠭᠤᠭᠠᠯᠢ ᠠᠷᠠᠳ ᠤᠨ ᠥᠲᠡᠯᠪᠡᠯ ᠬᠦᠷᠳᠡᠬᠦ ᠠᠰᠠᠷᠠᠮᠵᠢ ᠲᠠᠢ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠪᠠᠷ ᠪᠠᠷᠠᠬᠤ ᠦᠬᠡᠢ ᠪᠠᠰᠠ ᠥᠲᠡᠯᠪᠡᠯ ᠬᠢᠬᠦ ᠠᠵᠢᠯ ᠲᠠᠢ ᠪᠠᠶᠢᠬᠤ ᠶᠢ ᠵᠣᠷᠢᠭᠵᠢᠭᠤᠯᠪᠠ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ ᠬᠠᠷᠢᠯᠴᠠᠬᠤ ᠮᠡᠳᠡᠷᠡᠯ ᠤᠨ ᠰᠡᠵᠢᠭᠦᠷ ᠪᠣᠯᠤᠨ᠎ᠠ᠂ ᠨᠡᠶᠢᠭᠡᠮ ᠲᠣᠭᠤᠷᠢᠭ ᠲᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠪᠡᠯ ᠨᠡᠶᠢᠭᠡᠮ ᠲᠣᠭᠤᠷᠢᠭ ᠤᠨ ᠠᠵᠢᠯ ᠳᠠᠷᠤᠢ ᠲᠦᠰᠢᠭ ᠲᠤᠯᠭᠠᠭᠤᠷᠢ ᠲᠠᠢ ᠪᠣᠯᠤᠨ᠎ᠠ᠃ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠭᠤᠷᠢᠨ ᠳᠤ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠱᠸᠦ ᠴᠧᠩ ᠤᠨ ᠭᠡᠷ ᠲᠤ ᠬᠦᠷᠴᠦ᠂ ᠨᠢᠬᠡ ᠬᠡᠷ ᠤᠨ ᠬᠦᠮᠦᠰ ᠲᠠᠢ ᠬᠠᠮᠲᠤ ᠰᠠᠭᠤᠯᠴᠠᠨ ᠵᠣᠭᠤᠭ ᠳᠡᠯᠭᠡᠵᠤ᠂ ᠲᠡᠳᠡᠨ ᠤ ᠠᠵᠢᠯ ᠣᠯᠤᠬᠰᠠᠨ᠂ ᠣᠷᠣᠯᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ᠂ ᠬᠡᠦᠬᠡᠳ ᠤᠨ ᠬᠢᠨᠢ ᠰᠤᠷᠤᠯᠭ᠎ᠠ ᠵᠡᠷᠭᠡ ᠪᠠᠶᠢᠳᠠᠯ ᠢ ᠣᠶᠢᠯᠠᠭᠠᠵᠤ᠂ ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ᠂ ᠬᠡᠦᠬᠡᠳ ᠤᠨ ᠬᠢᠨᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠵᠣᠷᠢᠭᠵᠢᠭᠤᠯᠪᠠ᠃ ᠵᠣᠣ ᠱᠸᠤ ᠴᠧᠩ ᠶᠡᠷᠦᠩᠬᠡᠶ ᠱᠦᠵᠢ ᠳᠤ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠮᠠᠰᠢ ᠬᠠᠯᠠᠮᠵᠢᠯᠠᠵᠤ᠂ ᠢᠯᠠᠩᠭᠤᠶ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠪᠣᠳᠠᠲᠤ ᠶᠠᠪᠤᠳᠠᠯ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ ᠲᠣᠭᠤᠷᠢᠭ ᠲᠤ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠮᠠᠰᠢ ᠲᠠᠭᠠᠯᠠᠮᠵᠢᠲᠠᠶ ᠠᠮᠢᠳᠤᠷᠠᠵᠤ ᠪᠠᠶᠢᠨ᠎ᠠ ᠭᠡᠵᠤ ᠬᠡᠯᠡᠵᠤ ᠦᠭᠴᠠᠢ᠃ ᠰᠢ ᠶᠢᠨ ᠫᠢᠩ᠂ ᠮᠠᠨ ᠤ ᠨᠠᠮ ᠪᠣᠯ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ᠂ ᠠᠶᠢᠯ ᠡᠷᠦᠬᠡ ᠪᠣᠯᠭᠠᠨ ᠢ ᠪᠢ ᠴᠥᠮ ᠰᠡᠳᠬᠢᠯ ᠳᠡᠭᠡᠨ ᠪᠤᠳᠤᠳᠠᠭ᠃ ᠲᠠ ᠨᠠᠷ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠪᠠᠨ ᠨᠠᠩ ᠰᠠᠶᠢᠳᠤᠷ ᠬᠢᠵᠦ᠂ ᠠᠮᠢᠳᠤᠷᠠᠯ ᠢᠶᠠᠨ ᠤᠯᠠᠮ ᠰᠠᠶᠢᠨ ᠪᠣᠯᠭᠠᠬᠤ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠵᠠᠢ᠃   ᠪᠦᠷᠦᠢ ᠪᠤᠯᠬᠤ ᠶᠢᠨ ᠦᠶ᠎ᠡ ᠪᠠᠷ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠲᠦᠢᠯ ᠤᠨ ᠬᠦᠷ ᠬᠥᠭᠵᠢᠶᠡᠨ ᠲᠠᠢ ᠪᠠᠶᠢᠯ᠎ᠠ᠃ ᠰᠠᠭᠤᠭᠠᠯᠢ ᠠᠷᠠᠳ ᠤᠳ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠣᠯᠵᠤ ᠦᠵᠡᠭᠡᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ᠂ ᠬᠠᠯᠠᠭᠤᠨ ᠢᠶᠠᠷ ᠠᠯᠠᠭ᠎ᠠ ᠲᠠᠰᠢᠵᠤ ᠤᠭᠳᠤᠪᠠ᠃ ᠰᠢ ᠶᠢᠨ ᠫᠢᠩ ᠤᠯᠠᠨ ᠳᠤ 4 ᠵᠢᠯ ᠠᠯᠤᠰᠯᠠᠭᠠᠳ ᠪᠢ ᠨᠢᠩᠰᠢᠶᠠ ᠳᠤ ᠳᠠᠬᠢᠨᠲᠠ ᠢᠷᠡᠵᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠬᠢᠨ ᠦᠵᠡᠵᠦ ᠪᠠᠶᠢᠨ᠎ᠠ᠂ ᠤᠯᠠᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ︕ ᠳᠤᠮᠳᠠᠳᠤ ᠶᠢᠨ ᠦᠨᠳᠦᠰᠦᠲᠡᠨ ᠪᠣᠯ ᠨᠢᠭᠡ ᠲᠤᠮᠤ ᠭᠡᠷ ᠪᠦᠯᠢ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠤᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠢ ᠨᠢᠭᠲᠠ ᠬᠤᠯᠪᠣᠵᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠬᠡᠷᠡᠭᠲᠡᠢ ᠭᠡᠵᠤ ᠳᠤᠳᠤᠨᠤ ᠪᠠᠷ ᠬᠡᠯᠡᠪᠡ᠃20 ᠤ ᠦᠳᠡ ᠶᠢᠨ ᠡᠮᠦᠨ᠎ᠡ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠩᠰᠢᠶᠠ ᠶᠢᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃   ᠰᠢ ᠶᠢᠨ ᠫᠢᠩ᠂ ᠨᠢᠩᠰᠢᠶᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠤᠨ ᠡᠬᠢ ᠪᠠᠶᠠᠯᠢᠭ ᠤᠨ ᠳᠠᠪᠠᠭᠤᠯᠢᠭ ᠣᠨᠴᠠᠭᠠᠢ᠂ ᠥᠪᠡᠷᠮᠢᠴᠡ ᠣᠨᠴᠠᠯᠢᠭᠵᠢᠬᠰᠠᠨ᠂ ᠵᠥᠷᠢᠶᠡᠴᠢᠯᠡᠭᠰᠡᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠨᠢᠩᠰᠢᠶᠠ ᠶᠢᠨ ᠳᠠᠪᠠᠭᠤᠯᠢᠭ ᠢ ᠢᠯᠡᠷᠡᠭᠦᠯᠦᠭᠰᠡᠨ᠂ ᠨᠡᠯᠢᠶᠡᠳ ᠴᠢᠩᠭ᠎ᠠ ᠦᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠤᠮ ᠢ ᠪᠠᠶᠢᠭᠤᠯᠬᠤ ᠬᠡᠷᠡᠭᠲᠡᠢ᠃ ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠤᠨ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ᠂ ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ ᠴᠡᠪᠡᠷ ᠡᠨᠧᠷᠭᠢ ᠶᠢᠨ ᠠᠵᠤ ᠦᠢᠯᠡᠰ᠂ ᠦᠵᠦᠮ ᠤᠨ ᠠᠷᠢᠬᠢ᠂ ᠴᠢᠨ᠋᠊ ᠣᠠ᠋ ᠶᠢᠨ ᠬᠠᠷᠮᠠᠭ ᠵᠡᠷᠭᠡ ᠤᠨᠴᠠᠯᠢᠬᠳᠤ ᠠᠵᠤ ᠦᠢᠯᠡᠰ ᠢ ᠨᠠᠷᠢᠯᠢᠭ ᠬᠢᠵᠤ᠂ ᠦᠷᠭᠦᠯᠵᠢᠯᠡᠨ ᠬᠥᠭᠵᠢᠭᠦᠯᠬᠦ ᠬᠡᠷᠡᠭᠲᠡᠶ᠃ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠴᠢᠩᠭᠠᠳᠬᠠᠵᠤ᠂ ᠣᠨᠴᠠᠯᠢᠭᠲᠤ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠬᠦ ᠬᠡᠷᠡᠭᠳᠠᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠡᠷᠴᠢᠮ ᠢ ᠴᠢᠩᠭᠠᠷᠠᠭᠤᠯᠤᠨ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠳᠠᠢ᠃ ᠨᠢᠩᠰᠢᠶᠠ ᠶᠢᠨ ᠬᠤᠶᠢᠲᠤ ᠬᠡᠰᠡᠭ ᠤᠨ ᠬᠠᠲᠤᠨ ᠭᠤᠤᠯ ᠤᠨ ᠤᠰᠤᠯᠠᠯᠲᠠ ᠶᠢᠨ ᠣᠷᠣᠨ᠂ ᠳᠤᠮᠳᠠ ᠬᠡᠰᠡᠭ ᠤᠨ ᠭᠠᠩ ᠬᠠᠭᠤᠷᠠᠶ ᠤᠷᠤᠨ ᠪᠦᠰᠡ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠲᠣᠰ ᠲᠣᠰ ᠤᠨ ᠢᠶᠠᠨ ᠣᠨᠴᠠᠯᠢᠭ ᠲᠠᠢ ᠪᠠᠶᠢᠵᠤ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠡᠬᠢ ᠪᠠᠶᠠᠯᠢᠭ ᠣᠷᠴᠢᠨ ᠲᠣᠭᠤᠷᠢᠨ ᠤ ᠪᠠᠭᠲᠠᠭᠠᠮᠵᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠳᠠᠯᠳᠠ ᠬᠦᠴᠦᠨ ᠢ ᠣᠨᠣᠪᠴᠢᠲᠠᠶ ᠡᠵᠡᠮᠳᠡᠵᠦ᠂ ᠨᠢᠭᠡᠳᠦᠯᠲᠡᠶ ᠲᠥᠯᠥᠪᠵᠢᠭᠦᠯᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠯᠠ ᠤᠰᠤᠨ ᠬᠠᠷᠢᠯᠴᠠᠨ ᠲᠦᠰᠢᠯᠴᠡᠭᠰᠡᠨ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ᠂ ᠣᠷᠣᠨ ᠪᠦᠰᠡ ᠶᠢ ᠬᠤᠯᠪᠤᠯᠳᠤᠨ ᠬᠦᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠨᠢᠩᠰᠢᠶᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠠᠵᠤ ᠠᠬᠤᠶ ᠶᠢᠨ ᠦᠨᠳᠦᠰᠦᠨ ᠲᠦᠷᠢᠮ ᠢ ᠲᠡᠭᠦᠯᠳᠡᠷᠵᠢᠭᠦᠯᠵᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠳᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠤᠶᠠᠯᠳᠤᠭᠤᠯᠬᠤ ᠶᠢ ᠪᠠᠷᠢᠮᠲᠠᠯᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠷᠠᠪ ᠤᠨ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠣᠲᠣᠭᠠᠳᠤ ᠡᠬᠡ ᠬᠠᠭᠤᠷᠠᠢ ᠶᠢᠨ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠳᠡᠢ᠃ ᠬᠠᠳᠤᠨ ᠭᠤᠣᠯ ᠪᠣᠯᠤᠨ ᠠᠯᠠᠱᠠ ᠠᠭᠤᠯᠠ᠂ ᠯᠢᠦ ᠫᠠᠨ ᠱᠠᠨ ᠠᠭᠤᠯᠠ᠂ ᠯᠦᠸᠧ ᠱᠠᠨ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠨᠢᠩᠰᠢᠶᠠ ᠶᠢᠨ ᠥᠭᠡᠷᠡᠴᠢᠯᠡᠯᠲᠡ ᠬᠥᠭᠵᠢᠯᠲᠡ ᠶᠢ ᠲᠥᠯᠥᠪᠵᠢᠭᠦᠯᠬᠦ ᠰᠠᠭᠤᠷᠢ ᠪᠤᠯᠬᠤ ᠪᠠᠷᠢᠮᠵᠢᠶ᠎ᠠ ᠪᠣᠯᠤᠨ᠎ᠠ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠪᠡᠶᠡᠯᠡᠭᠳᠡᠯ ᠤᠨ ᠲᠣᠭᠲᠠᠴᠠ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠬᠦ ᠬᠡᠷᠡᠭᠲᠡᠢ᠃ ᠬᠠᠲᠤᠨ ᠭᠤᠣᠯ ᠤᠨ ᠶᠡᠭᠡ ᠳᠤᠬᠤᠢ ᠤᠷᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ ᠢ ᠬᠠᠮᠠᠭᠠᠯᠠᠨ ᠰᠡᠷᠭᠦᠭᠡᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠠᠷᠤ ᠭᠠᠵᠠᠷ ᠤᠨ ᠵᠢᠶᠠᠩᠨᠠᠨ︾ ᠢ ᠶᠠᠪᠤᠬᠤ ᠲᠤᠳᠤᠮ ᠦᠵᠡᠰᠭᠦᠯᠡᠩᠲᠦ ᠰᠠᠶᠢᠬᠠᠨ ᠪᠤᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠲᠦᠭᠡᠮᠡᠯ ᠬᠦᠷᠳᠡᠭᠡᠮᠵᠢᠲᠦ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠢᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠳᠡᠢ᠃ ᠬᠥᠮᠦᠨ ᠠᠮᠠ ᠶᠢᠨ ᠰᠢᠯᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠲᠦᠭᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠳᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠭᠤᠨ ᠲᠦᠮᠡᠨ ᠨᠡᠬᠦᠳᠡᠯ ᠠᠷᠠᠳ ᠢ ᠪᠠᠶᠠᠵᠢᠭᠤᠯᠤᠨ ᠲᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠪᠤᠯᠬᠢ ᠲᠡᠳᠬᠠᠯ ᠢ ᠦᠭᠡᠷᠡᠴᠢᠯᠡᠬᠦ ᠢᠢ ᠠᠬᠢᠭᠤᠯᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠠᠴᠠ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠳᠡᠢ᠃ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠶ᠊ ᠡᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠬᠠᠷᠢᠯᠴᠠᠨ ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠪᠥᠬᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠭᠡᠬᠦ ᠬᠡᠷᠡᠭᠳᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠡᠲᠡᠭᠡᠳ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠦᠳᠦᠯᠦᠨ ᠵᠢᠯᠣᠭᠤᠳᠬᠤ ᠶᠢ ᠴᠢᠩᠭᠠᠳᠬᠠᠬᠤ ᠬᠡᠷᠡᠭᠳᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠪᠦᠬᠦ ᠨᠠᠮ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠡᠳᠭᠢᠯ ᠠᠮᠤᠷ ᠠᠵᠢᠯᠯᠠᠵᠤ᠂ ᠵᠣᠷᠢᠭᠲᠠᠢ ᠪᠠᠷ ᠠᠵᠢᠯᠯᠠᠵᠤ᠂ ᠵᠣᠷᠢᠭᠲᠠᠢ ᠪᠠᠷ ᠡᠷᠡᠮᠡᠬᠡᠶᠢᠯᠡᠨ ᠲᠠᠪᠰᠢᠵᠤ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮᠴᠢ ᠴᠢᠨᠠᠷ᠂ ᠨᠠᠮ ᠤᠨ ᠰᠤᠷᠲᠠᠯ᠂ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠬᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠬᠥᠮᠦᠰ ᠤᠨ ᠰᠡᠳᠭᠢᠯ ᠢ ᠨᠢᠭᠲᠠᠷᠠᠭᠤᠯᠵᠤ᠂ ᠨᠡᠶᠢᠭᠡᠮ ᠤᠨ ᠬᠡᠪ ᠰᠤᠷᠲᠠᠯ ᠢ ᠬᠦᠳᠦᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃   ︵ᠰᠢᠨᠬᠤᠸᠠ ᠬᠤᠷᠢᠶ᠎ᠠ ᠶᠢᠨ ᠢᠷᠭᠠᠢ ᠶᠢᠨ 6 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号