ᠪᠠᠶᠠᠨᠨᠠᠭᠤᠷ ᠰᠤᠮᠤ 2023 ᠣᠨ ᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠠᠶᠢᠴᠠᠭᠠᠬᠤ ᠲᠤᠭ᠎ᠠ ᠪᠠᠷᠢᠮᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
    ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 20 ᠤ ᠡᠳᠦᠷ᠂ ᠪᠠᠶᠠᠨᠨᠠᠭᠤᠷ ᠰᠤᠮᠤ 2023 ᠣᠨ ᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠤᠭ᠎ᠠ ᠪᠠᠷᠢᠮᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ ᠡᠷᠬᠢᠯᠡᠪᠡ᠃    ᠬᠤᠷᠠᠯ ᠳᠡᠭᠡᠷ᠎ᠡ ᠠᠵᠢᠯᠲᠠᠳ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠪᠠᠶᠢᠳᠠᠯ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠠᠵᠤ ᠦᠢᠯᠡᠰ ᠤᠨ ᠵᠢᠭᠡᠯᠡᠯᠭᠡ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ᠂ ᠰᠤᠯᠠ ᠪᠠᠶᠢᠭ᠎ᠠ ᠡᠳ᠋ ᠬᠥᠷᠥᠩᠭᠡ᠂ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠤᠭᠰᠠᠨ ᠡᠭᠦᠷᠭᠡ ᠶᠢ ᠵᠠᠳᠠᠯᠵᠤ ᠂ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠪᠠ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠷᠢᠨ ᠬᠢᠨᠠᠮᠠᠭᠠᠢ ᠲᠠᠭᠯᠠᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠣᠯᠤᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号