ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/25
   ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠥᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠤ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠳᠤ ᠲᠦᠰᠢᠭᠯᠡᠬᠦ ᠬᠡᠷᠡᠭᠳᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠤᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠤᠨ ᠨᠢᠭᠡᠳᠦᠯᠲᠡᠢ ᠲᠥᠯᠥᠪᠵᠢᠭᠦᠯᠤᠨ ᠰᠦᠪᠡᠭᠴᠢᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ   ᠯᠢ ᠴᠢᠶᠠᠩ ᠬᠤᠷᠠᠯ ᠢ ᠡᠷᠭᠢᠯᠡᠵᠦ ᠳ᠋ᠢᠩ ᠰᠢᠤᠸᠠᠢ ᠰᠢᠶᠠᠩ ᠬᠦᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠪᠡ ᠵᠤᠤ ᠯᠧ ᠵᠢᠢ ᠸᠠᠩ ᠬᠣ᠋ ᠨᠢᠩ ᠼᠠᠢ ᠴᠢ ᠯᠢ ᠰᠢ ᠣᠷᠣᠯᠴᠠᠪᠠ   ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ 24 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠤᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠥᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠤ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠤᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠤᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠯᠢ ᠴᠢᠶᠠᠩ ᠶᠡᠭᠡ ᠬᠤᠷᠠᠯ ᠢ ᠡᠷᠬᠢᠯᠡᠵᠦ᠂ ᠳ᠋ᠢᠩ ᠰᠢᠤᠸᠠᠢ ᠰᠢᠶᠠᠩ ᠬᠦᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠵᠤᠤ ᠯᠤ᠋ ᠵᠢᠢ᠂ ᠸᠠᠩ ᠬᠣ᠋ ᠨᠢᠩ᠂ ᠼᠠᠢ ᠴᠢ᠂ ᠯᠢ ᠰᠢ ᠣᠷᠣᠯᠴᠠᠪᠠ᠃   ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠲᠠᠭᠤᠤ︾ ᠶᠢᠨ ᠠᠶ᠎ᠠ ᠶᠢ ᠬᠥᠭᠵᠢᠮᠳᠡᠵᠦ᠂ ᠲᠠᠯᠠᠪᠠᠢ ᠳᠠᠶᠠᠭᠠᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃   ᠳ᠋ᠢᠩ ᠰᠢᠤᠸᠠᠢ ᠰᠢᠶᠠᠩ ︽2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠬᠢᠭᠦᠯᠦᠨ ᠱᠠᠩᠨᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ ︵ᠲᠣᠭᠲᠠᠭᠠᠯ ᠤᠨ ᠪᠦᠬᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶   ᠶᠣᠰᠣᠯᠠᠯ ᠤᠨ ᠪᠦᠷᠢᠶ᠎ᠡ ᠬᠠᠩᠭᠢᠨᠠᠪᠠ᠂ ᠰᠢ ᠶᠢᠨ ᠫᠢᠩ ᠡᠩ ᠲᠡᠷᠢᠭᠦᠨ ᠳᠤ 2023 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠱᠠᠩᠨᠠᠯ ᠢ ᠬᠦᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳᠤ ᠷᠧᠨ ᠠᠺᠠᠳᠧᠮᠢᠴᠢ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ ᠠᠺᠠᠳᠧᠮᠢᠴᠢ ᠳᠤ ᠱᠠᠩᠨᠠᠯ ᠤᠨ ᠮᠧᠳᠠᠯ ᠂ ᠦᠨᠡᠮᠯᠡᠯ ᠭᠠᠷᠳᠠᠭᠤᠯᠵᠤ᠂ ᠲᠡᠳᠡᠨ ᠲᠠᠢ ᠬᠠᠯᠠᠭᠤᠨ ᠢᠶᠠᠷ ᠭᠠᠷ ᠠᠳᠬᠤᠵᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ ᠲᠠᠷᠠᠭ᠎ᠠ ᠨᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠬᠠᠮᠤᠭ ᠤᠨ ᠳᠡᠭᠡᠳᠦ ᠱᠠᠩᠨᠠᠯ ᠬᠦᠷᠳᠡᠭᠰᠡᠡ ᠬᠤᠶᠠᠷ ᠬᠥᠮᠦᠨ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠱᠠᠩᠨᠠᠯ ᠪᠣᠯᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠬᠦᠷᠳᠡᠭᠰᠡᠨ ᠲᠥᠯᠥᠭᠡᠯᠡᠭᠴᠢ ᠳᠤ ᠦᠨᠡᠮᠯᠡᠯ ᠭᠠᠷᠳᠠᠭᠤᠯᠪᠠ᠃    ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠶ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠢ ᠲᠦᠷᠭᠡᠳᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠶ ᠠᠬᠢᠭᠤᠯᠵᠤ᠂ ᠮᠠᠨ ᠤ ᠤᠯᠤᠰ ᠤᠨ ᠰᠠᠭᠤᠷᠢ ᠬᠤᠰᠢᠭᠤᠷᠠᠯ ᠰᠤᠳᠤᠯᠭᠠᠨ ᠰᠢᠨ᠎ᠡ ᠰᠢᠪᠲᠤᠯᠤᠯᠲᠠ ᠲᠠᠢ ᠪᠣᠯᠵᠣ᠂ ᠪᠠᠶᠢᠯᠳᠤᠬᠤ ᠪᠣᠳᠣᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶ᠎ᠠ ᠴᠠᠷᠠᠭ᠎ᠠ ᠳᠤ ᠰᠢᠨ᠎ᠡ ᠳᠠᠪᠠᠯᠲᠠ ᠶᠢ ᠪᠡᠶᠡᠯᠡᠬᠦᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠰᠢᠨ᠎ᠡ ᠪᠠᠶᠢᠳᠠᠯ ᠢ ᠨᠡᠭᠡᠭᠡᠵᠦ᠂ ᠣᠯᠠᠨ ᠤᠯᠤᠰ ᠤᠨ ᠨᠡᠭᠡᠭᠡᠯᠲᠡᠲᠦ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠵᠣ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠶ ᠠᠮᠵᠢᠯᠲᠠ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠠᠶ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠦᠢᠯᠡᠳᠦᠯᠭᠡ ᠳᠤᠮᠳᠠ ᠪᠢᠳᠡ ᠵᠢᠮ᠎ᠡ ᠶᠣᠰᠣᠴᠢ ᠴᠢᠨᠠᠷᠲᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠮᠠᠰᠢ ᠣᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠪᠠ᠂ ᠭᠤᠤᠯᠳᠠᠭᠤ᠄ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠳᠡᠳᠤ ᠬᠠᠮᠲᠤᠷᠠᠯᠴᠠᠭ᠎ᠠ ᠪᠠᠷ ᠬᠥᠮᠦᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠎ᠠ ᠃ ᠡᠳᠡᠭᠡᠷ ᠲᠤᠷᠰᠢᠯᠭ᠎ᠠ ᠶᠢ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠦᠢᠯᠡᠳᠦᠯᠭᠡ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃   ᠰᠢ ᠶᠢᠨ ᠫᠢᠩ᠂ ᠳᠡᠯᠡᠬᠡᠢ ᠵᠢᠷᠳᠢᠨᠴᠤ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠬᠦᠰᠴᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠪᠦᠬᠦ ᠪᠥᠮᠪᠥᠷᠴᠡᠭ ᠤᠨ ᠡᠮᠬᠢ ᠳᠢᠭᠯᠢᠮ ᠪᠣᠯᠤᠨ ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠲᠠᠬᠢᠨ ᠪᠦᠷᠢᠯᠳᠦᠬᠦᠯᠪᠡ᠃ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠪᠠᠰᠠ ᠵᠠᠷᠢᠮ ᠳᠤᠲᠠᠭᠤᠳᠠᠯ᠂ ᠪᠠᠭᠤᠷᠠᠢ ᠲᠠᠯ᠎ᠠ ᠣᠷᠣᠰᠢᠵᠤ ᠪᠠᠶᠢᠨ᠎ᠠ᠂ ᠡᠷᠬᠡᠪᠰᠢ ᠲᠤᠯᠭᠠᠮ ᠰᠡᠳᠭᠢᠯᠭᠡ ᠪᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠥᠷᠢᠰᠥᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠬᠡᠯᠪᠡᠷᠢ ᠶᠢᠨ ᠤᠯᠤᠰ ᠳᠠᠶᠠᠭᠠᠷᠴᠢᠯᠠᠭᠰᠠᠨ ᠪᠠᠶᠢᠭᠤᠯᠤᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠲᠥᠪᠯᠡᠷᠡᠩᠭᠦᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠵᠣᠬᠢᠴᠠᠩᠭᠤᠢ ᠥᠨᠳᠥᠷ ᠪᠦᠲᠦᠮᠵᠢᠲᠡᠢ ᠰᠢᠢᠳᠪᠦᠷᠢᠲᠦ ᠪᠤᠳᠤᠯᠭ᠎ᠠ ᠶᠢᠨ ᠵᠢᠯᠣᠭᠤᠳᠬᠤ ᠰᠢᠰᠲ᠋ᠧᠮ ᠪᠣᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠵᠡᠷᠭᠡ ᠡᠯ᠎ᠡ ᠭᠤᠭᠴᠤᠭ᠎ᠠ ᠶᠢᠨ ᠢᠳᠡᠪᠬᠢᠵᠢᠯ ᠢ ᠳᠠᠶᠢᠴᠢᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠳᠠ ᠶᠢ ᠬᠠᠮᠲᠤ ᠪᠠᠷ ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠬᠦᠯᠬᠦ ᠬᠡᠷᠡᠭᠳᠠᠢ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠳᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠥᠭᠡᠲᠡᠢ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠨᠳᠦᠰᠦ ᠪᠠ ᠰᠠᠭᠤᠷᠢ ᠶᠢ ᠪᠠᠲᠤ ᠴᠤᠭᠴᠠᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃   ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠤᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠰᠢᠨ᠎ᠡ ᠮᠡᠷᠭᠡᠵᠢᠯ ᠢ ᠢᠳᠡᠪᠬᠢᠲᠡᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠡᠴᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠥᠯᠥᠪᠯᠡᠭᠡ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠥᠷᠥᠯ ᠬᠤᠪᠢᠶᠠᠨ ᠦᠨᠡᠯᠡᠬᠦ ᠰᠢᠰᠲ᠋ᠧᠮ ᠪᠠ ᠰᠢᠯᠭᠠᠨ ᠬᠢᠨᠠᠬᠤ ᠲᠣᠭᠲᠡᠴᠡ ᠶᠢ ᠲᠦᠷᠭᠡᠳᠭᠡᠨ ᠪᠦᠷᠢᠨᠰᠢᠭᠦᠯᠵᠦ᠂ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠡᠴᠡ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠡᠴᠡ ᠶᠢ ᠲᠡᠭᠦᠯᠳᠡᠷᠵᠢᠭᠦᠯᠵᠦ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠵᠣᠬᠢᠰᠲᠠᠢ᠂ ᠬᠡᠪ ᠪᠣᠯᠪᠠᠰᠤᠷᠠᠯ ᠰᠢᠯᠢᠳᠡᠭ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠨ ᠬᠥᠮᠦᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠭᠡᠨ ᠪᠠᠶᠢᠭᠤᠯᠵᠤ᠂ ᠭᠠᠷᠮᠠᠭᠠᠶ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠳᠡᠭᠡᠳᠦ ᠵᠡᠷᠬᠡ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠦᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠠᠯᠤᠰ ᠬᠡᠳᠤ ᠶᠢᠨ ᠵᠣᠷᠢᠯᠲᠠ ᠲᠠᠢ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠰᠢᠨ᠎ᠡ ᠶᠢ ᠡᠭᠦᠳᠬᠦ ᠪᠠᠷ ᠵᠣᠷᠢᠭ ᠰᠢᠭᠤᠳᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠪᠤᠯᠤᠨ ᠠᠷᠠᠳ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠭᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠠᠮᠲᠤᠷᠠᠨ ᠪᠤᠭᠤᠮᠳᠠ ᠰᠢᠪᠳᠤᠯᠬᠤ ᠶᠢ ᠲᠡᠮᠵᠢᠬᠦ ᠬᠡᠷᠡᠭᠲᠡᠢ᠃ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠠᠭᠤᠰᠤᠯᠴᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠳᠤ ᠨᠡᠩ ᠰᠠᠶᠢᠳᠤᠷ ᠪᠤᠶᠠᠨ ᠦᠢᠯᠡᠳᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠤᠮᠢᠴᠢᠳ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠤᠨ ᠵᠠᠮ ᠨᠡᠭᠡᠭᠡᠭᠴᠢ᠂ ᠴᠢᠬᠤᠯᠠ ᠶᠡᠭᠡ ᠡᠭᠦᠷᠭᠡ ᠶᠢ ᠡᠭᠦᠷᠭᠡᠯᠡᠭᠴᠢ᠂ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠳᠠᠭᠠᠭᠤᠯᠤᠭᠴᠢ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠵᠢᠱᠢᠶ᠎ᠡ ᠦᠵᠡᠭᠦᠯᠦᠭᠴᠢ ᠪᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤᠬᠠᠮᠰᠠᠷ ᠠᠴᠠ ᠪᠠᠨ ᠡᠷᠳᠡᠮ ᠰᠢᠨᠵᠢᠯᠡᠭᠡᠨ ᠤ ᠬᠥᠭᠡᠭᠡᠴᠡᠯᠳᠦᠯ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠰ ᠲᠤ ᠠᠭᠤᠰᠤᠯᠴᠠᠭᠤᠯᠵᠤ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠶᠢ ᠡᠭᠦᠳᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠢᠯᠡᠳᠭᠡᠪᠡ᠃   ᠯᠢ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠤᠢᠢᠷ᠎ᠠ ᠶᠢᠨ ᠵᠢᠯ ᠤᠨ ᠲᠤᠷᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠭᠤᠤ ᠶᠡᠭᠡ ᠠᠬᠢᠴᠠ ᠳᠤᠮᠳᠠᠬᠢ ᠴᠢᠬᠤᠯᠠ ᠦᠢᠯᠡᠳᠦᠯ ᠢ ᠨᠠᠷᠢᠨ ᠲᠣᠳᠣᠷᠬᠠᠶ ᠥᠭᠦᠯᠡᠵᠦ᠂ ᠰᠢᠨ᠎ᠡ ᠪᠠᠶᠢᠳᠠᠯ ᠤᠨ ᠳᠣᠣᠷ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠬᠤ ᠶᠢᠨ ᠦᠨᠳᠦᠰᠦᠨ ᠠᠭᠤᠯᠤᠭᠳᠠᠬᠤᠨ ᠪᠠ ᠭᠤᠣᠯ ᠡᠭᠦᠷᠭᠡ ᠶᠢ ᠰᠢᠰᠲ᠋ᠧᠮ ᠲᠠᠢ ᠪᠠᠷ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠪᠠ᠂ ᠭᠦᠨᠵᠡᠭᠡᠶ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠰᠢᠨ᠎ᠡ ᠠᠶᠠᠨ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠭᠡᠭᠵᠢᠬᠦ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠡᠭᠦᠷᠭᠡ ᠦᠩᠭᠡ ᠭᠡᠷᠡᠯᠳᠠᠢ᠂ ᠬᠠᠷᠢᠭᠤᠴᠠᠯᠭ᠎ᠠ ᠬᠦᠨᠳᠦ ᠶᠡᠭᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠳᠡᠭᠡᠷ᠎ᠡ ᠯᠢ ᠳᠤ ᠷᠧᠨ ᠪᠣᠯᠤᠨ ᠰᠢᠤᠸᠠᠢ ᠴᠢ ᠺᠦᠨ ᠱᠠᠩᠨᠠᠯ ᠬᠦᠷᠳᠡᠭᠰᠡᠡ ᠪᠦᠬᠦ ᠬᠥᠮᠦᠰ ᠢ ᠲᠥᠯᠥᠭᠡᠯᠡᠨ ᠦᠭᠡ ᠬᠡᠯᠡᠪᠡ᠃   ᠬᠤᠷᠠᠯ ᠠᠴᠠ ᠡᠮᠦᠨ᠎ᠡ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠱᠠᠩᠨᠠᠯ ᠬᠦᠷᠳᠡᠭᠰᠡᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠶᠢᠨ ᠬᠡᠷᠡᠯ ᠵᠢᠷᠤᠬ ᠲᠠᠲᠠᠭᠤᠯᠵᠤ ᠳᠤᠷᠠᠰᠬᠠᠯ ᠦᠯᠡᠳᠡᠭᠡᠪᠡ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃   ᠡᠯ᠎ᠡ ᠮᠤᠵᠢ ᠣᠷᠣᠨ ᠬᠤᠲᠠ ᠪᠣᠯᠤᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠳᠡᠭᠰᠡᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠵᠠᠢ᠃   2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 250 ᠲᠥᠷᠥᠯ ᠵᠦᠢᠯ ᠪᠠ 12 ᠨᠡᠷᠡᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠰᠢᠯᠭᠠᠷᠠᠭᠤᠯᠪᠠ᠃ ᠡᠭᠦᠨ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠱᠠᠩᠨᠠᠯ ᠬᠦᠷᠲᠡᠭᠴᠢ 2 ᠬᠥᠮᠦᠨ ᠪᠣᠶ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ 49 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 1 ᠵᠦᠢᠯ᠂ ᠬᠤᠶᠠᠳᠤᠭᠠᠷ ᠳᠡᠰ ᠤᠨ ᠱᠠᠩᠨᠠᠯ 48 ᠵᠦᠢᠯ ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ 62 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 8 ᠵᠦᠢᠯ᠂ ᠬᠤᠶᠠᠳᠤᠭᠠᠷ ᠳᠡᠰ ᠤᠨ ᠱᠠᠩᠨᠠᠯ 54 ᠵᠦᠢᠯ ᠪᠤᠢ︔ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ 139 ᠵᠦᠢᠯ ᠪᠠᠶᠢᠵᠤ᠂ ᠡᠭᠦᠨ ᠳᠤ ᠣᠨᠴᠠ ᠳᠡᠰ ᠤᠨ ᠱᠠᠩᠨᠠᠯ 3 ᠵᠦᠢᠯ᠂ ᠨᠢᠭᠡᠳᠦᠭᠡᠷ ᠳᠡᠰ ᠤᠨ ᠱᠠᠩᠨᠠᠯ 16 ᠵᠦᠢᠯ᠂ ᠬᠤᠶᠠᠳᠤᠭᠠᠷ ᠳᠡᠰ ᠤᠨ ᠱᠠᠩᠨᠠᠯ 120 ᠵᠦᠢᠯ ᠪᠤᠢ︔ ᠭᠠᠳᠠᠭᠠᠳᠤ ᠶᠢᠨ 10 ᠲᠤᠰᠬᠠᠶ ᠮᠡᠷᠭᠡᠵᠢᠯᠲᠡᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号