ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2024/6/26
    ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠣᠶᠢᠷ᠎ᠠ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠬᠠᠷᠢᠭᠤ ᠲᠤᠰᠬᠠᠬᠤ ᠠᠵᠢᠯ ᠢ ᠪᠦᠬᠦᠨ ᠢ ᠪᠡᠶᠡᠯᠡᠭᠦᠯᠪᠡ᠃    4 ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠵᠤ ᠪᠠᠶᠢᠭ᠎ᠠ 2 ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ 1 ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ 4 ᠰᠤᠮᠤ ᠪᠠᠯᠭᠠᠰᠤ ᠵᠢᠴᠢ ᠬᠠᠷᠢᠶᠠᠯᠠᠭᠳᠠᠵᠤ ᠪᠠᠶᠢᠭ᠎ᠠ 32 ᠭᠠᠴᠠᠭ᠎ᠠ ᠪᠠ 6 ᠨᠡᠶᠢᠭᠡᠮ ᠲᠣᠭᠤᠷᠢᠭ᠂ 1 ᠲᠤᠰᠬᠠᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ 6 ᠰᠤᠮᠤ ᠪᠠᠯᠭᠠᠰᠤᠨ ᠤ 7 ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃    ᠬᠠᠷᠢᠭᠤ ᠲᠤᠰᠬᠠᠯ ᠨᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠣᠭᠤᠷᠢᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠭᠤᠣᠯ ᠤᠳᠤᠷᠢᠳᠤᠯᠭ᠎ᠠ᠂ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠥᠮᠦᠨ ᠵᠢᠭᠠᠨ ᠬᠡᠷᠡᠭ ᠰᠢᠢᠳᠪᠦᠷᠢᠯᠡᠭᠰᠡᠨ ᠠᠰᠠᠭᠤᠳᠠᠯ ᠤᠨ ᠨᠠᠷᠢᠨ ᠳᠠᠩᠰᠠ ᠶᠢ ᠬᠠᠷᠢᠭᠤ ᠲᠤᠰᠬᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠵᠢᠯᠲᠠᠨ ᠲᠣᠮᠢᠯᠠᠨ ᠣᠷᠣᠯᠴᠠᠪᠠ᠃    ᠬᠠᠷᠢᠭᠤ ᠲᠤᠰᠬᠠᠬᠤ ᠳᠠᠭᠠᠨ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠡᠭᠦᠷᠭᠡ ᠴᠢᠳᠠᠪᠤᠷᠢ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠡᠷᠭᠡ ᠲᠠᠯ᠎ᠠ ᠪᠠᠷ ᠴᠠᠭᠳᠠᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠨᠢ ᠭᠤᠣᠯᠳᠠᠭᠤ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠭᠦᠢᠴᠡᠳᠬᠡᠬᠦ ᠳᠤ ᠵᠥᠷᠢᠶ᠎ᠡ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠵᠥᠷᠢᠶ᠎ᠡ ᠲᠠᠢ ᠪᠠᠶᠢᠬᠤ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠨᠢ ᠴᠢᠩᠭ᠎ᠠ ᠪᠢᠰᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠨᠢ ᠬᠦᠴᠦᠲᠡᠢ ᠪᠢᠰᠢ ᠪᠠᠶᠢᠨ᠎ᠠ᠃    ᠬᠠᠷᠢᠭᠤ ᠲᠤᠰᠬᠠᠯ ᠳᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠳᠠᠭᠠᠭᠤᠯᠤᠨ ᠰᠢᠢᠳᠪᠦᠷᠢᠯᠡᠵᠦ᠂ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠦᠨᠡᠨ ᠬᠦ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠠᠭᠤᠯᠭ᠎ᠠ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠣᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠦᠨᠡᠨ ᠬᠦ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠨᠡᠩ ᠰᠠᠶᠢᠲᠤᠷ ᠬᠡᠷᠡᠭᠯᠡᠬᠦ ᠶᠢ ᠠᠬᠢᠭᠤᠯᠵᠤ᠂ ᠴᠠᠭᠳᠠᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃    ᠬᠠᠷᠢᠭᠤ ᠲᠤᠰᠬᠠᠵᠤ ᠳᠠᠭᠤᠰᠤᠭᠰᠠᠨ ᠤ ᠳᠠᠷᠠᠭ᠎ᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠢ ᠰᠠᠨᠠᠯ ︾ ᠤᠨ ᠲᠣᠭᠲᠠᠭᠠᠯ ᠶᠣᠰᠣᠭᠠᠷ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠤᠰᠢᠭᠤᠨ ᠳᠡᠰ ᠤᠨ ᠤᠳᠤᠷᠢᠳᠬᠤ ᠪᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠵᠠᠷᠯᠠᠨ ᠮᠡᠳᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号