ᠵᠢᠷᠦᠬᠡ ᠡᠨᠡ ᠭᠤᠷᠪᠠᠨ ᠴᠠᠭ ᠬᠤᠭᠤᠴᠠᠭ᠎ᠠ ᠳᠤ ᠬᠠᠮᠤᠭ ᠤᠨ ᠬᠡᠪᠡᠷᠡᠭ ᠪᠠᠶᠢᠳᠠᠭ᠂ ᠡᠨᠡ ᠬᠦ ᠵᠢᠷᠦᠬᠡ ᠬᠠᠮᠠᠭᠠᠯᠠᠬᠤ ᠴᠠᠭ ᠤᠨ ᠬᠦᠰᠦᠨᠦᠭᠲᠦ ᠶᠢ ᠬᠤᠷᠢᠶᠠᠵᠤ ᠠᠪᠤᠭᠠᠷᠠᠢ
ᠨᠡᠶᠢᠲᠡᠯᠡᠭᠰᠡᠨ ᠴᠠᠭ᠄
2024/6/26
   ᠨᠢᠭᠡ ᠡᠳᠦᠷ ᠤᠨ ᠠᠯᠢ ᠴᠠᠭ ᠬᠤᠭᠤᠴᠠᠭ᠎ᠠ ᠳᠤ ᠵᠢᠷᠦᠬᠡᠨ ᠤ ᠡᠷᠡᠭᠦᠯ ᠮᠡᠨᠳᠦ ᠪᠠᠨ ᠨᠠᠩ ᠠᠩᠬᠠᠷᠪᠠᠯ ᠵᠣᠬᠢᠬᠤ ᠪᠤᠢ ︖ ᠵᠢᠷᠦᠬᠡᠨ ᠤ ᠬᠠᠮᠤᠭ ᠤᠨ ᠬᠡᠪᠡᠷᠡᠭ 3 ᠴᠠᠭ ᠬᠤᠭᠤᠴᠠᠭ᠎ᠠ᠄ 1. ᠥᠷᠯᠥᠭᠡ ᠪᠣᠰᠬᠤ ᠦᠶ᠎ᠡ ᠬᠥᠮᠥᠨ ᠠᠮᠠᠷᠠᠬᠤ ᠦᠶ᠎ᠡ ᠳᠤ ᠵᠢᠷᠦᠬᠡᠨ ᠤ ᠳᠠᠪᠲᠠᠮᠵᠢ ᠨᠡᠯᠢᠶᠡᠳ ᠤᠳᠠᠭᠠᠨ ᠪᠣᠯᠵᠤ᠂ ᠨᠢᠭᠡ ᠰᠥᠨᠢ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢᠨ ᠬᠤᠷᠣᠭᠳᠠᠯ ᠢᠶᠠᠷ ᠳᠠᠮᠵᠢᠭᠠᠳ᠂ ᠴᠢᠰᠤ ᠬᠠᠷᠢᠴᠠᠩᠭᠤᠢ ᠪᠠᠷ ᠥᠳᠬᠡᠷᠡᠵᠦ᠂ ᠴᠢᠰᠤᠨ ᠭᠦᠶᠦᠳᠡᠯ ᠤᠳᠠᠭᠠᠰᠢᠷᠠᠵᠤ᠂ ᠠᠮᠠᠷᠬᠠᠨ ᠴᠢᠰᠤᠨ ᠰᠤᠳᠠᠯ ᠤᠨ ᠲᠦᠭᠵᠢᠷᠡᠯ ᠡᠭᠦᠰᠳᠡᠭ᠃ ᠥᠷᠯᠥᠭᠡ ᠪᠣᠰᠣᠭᠰᠠᠨ ᠤ ᠳᠠᠷᠠᠭ᠎ᠠ᠂ ᠰᠣᠯᠪᠢᠭᠤ ᠮᠡᠳᠡᠷᠡᠯ ᠶᠡᠬᠡᠳᠡ ᠬᠥᠭᠡᠷᠴᠦ᠂ ᠵᠢᠷᠦᠬᠡᠨ ᠴᠣᠬᠢᠯᠭ᠎ᠠ ᠲᠦᠷᠭᠡᠰᠴᠦ᠂ ᠴᠢᠰᠤᠨ ᠳᠠᠷᠤᠯᠲᠠ ᠳᠡᠭᠡᠭᠰᠢᠯᠡᠵᠦ᠂ ᠰᠡᠳᠬᠢᠯ ᠳᠣᠭᠳᠣᠯᠳᠠᠭ᠃ ᠬᠡᠷᠪᠡ ᠡᠨᠡ ᠦᠶ᠎ᠡ ᠳᠤ ᠶᠠᠭᠠᠷᠠᠵᠤ ᠬᠥᠳᠡᠯᠭᠡᠭᠡᠨ ᠬᠢᠬᠦ ᠳᠤ ᠬᠦᠷᠪᠡᠯ᠂ ᠴᠢᠰᠤᠨ ᠳᠠᠷᠤᠯᠲᠠ ᠥᠨᠳᠥᠷ᠂ ᠴᠢᠰᠤᠨ ᠥᠭᠡᠬᠦ ᠡᠷᠡᠭᠦᠯ ᠪᠤᠰᠤ ᠬᠥᠮᠥᠰ ᠵᠡᠷᠭᠡ ᠠᠶᠤᠯ ᠶᠡᠬᠡᠲᠡᠢ ᠬᠥᠮᠥᠰ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠴᠦ ᠮᠡᠳᠡᠨ᠎ᠡ᠃ ᠰᠠᠨᠠᠭᠤᠯᠤᠮᠵᠢ᠄ ᠪᠣᠰᠬᠤ ᠠᠴᠠ ᠪᠠᠨ ᠡᠮᠦᠨ᠎ᠡ ᠵᠢᠭᠠᠬᠠᠨ ᠬᠡᠪᠲᠡᠵᠦ᠂ ᠬᠡᠲᠦᠷᠬᠡᠢ ᠲᠦᠷᠭᠡᠨ ᠬᠡᠲᠦᠷᠬᠡᠢ ᠰᠢᠷᠦᠭᠦᠨ ᠬᠥᠳᠡᠯᠭᠡᠭᠡᠨ ᠬᠢᠵᠦ ᠪᠣᠯᠬᠤ ᠦᠭᠡᠢ᠃ ᠰᠡᠷᠡᠭᠰᠡᠨ ᠤ ᠪᠠᠨ ᠳᠠᠷᠠᠭ᠎ᠠ ᠨᠢᠭᠡ ᠴᠣᠮᠣ ᠪᠦᠯᠢᠶᠡᠨ ᠤᠰᠤ ᠤᠤᠭᠤᠵᠤ᠂ ᠥᠷᠯᠥᠭᠡᠨ ᠤ ᠬᠤᠭᠤᠯᠠᠨ ᠳᠠᠭᠠᠨ ᠲᠣᠰᠣᠯᠢᠭ ᠪᠠ ᠬᠡᠲᠦ ᠱᠣᠷᠪᠣᠭ ᠢᠳᠡᠭᠡᠨ ᠪᠠᠭ᠎ᠠ ᠢᠳᠡ᠃ ᠴᠢᠰᠤᠨ ᠳᠠᠷᠤᠯᠲᠠ ᠥᠨᠳᠥᠷ ᠬᠥᠮᠥᠨ ᠬᠠᠮᠤᠭ ᠰᠠᠶᠢᠨ ᠨᠢ ᠥᠷᠯᠥᠭᠡ ᠪᠣᠰᠣᠭᠠᠳ ᠳᠠᠷᠤᠯᠲᠠ ᠪᠠᠭᠤᠷᠠᠭᠤᠯᠬᠤ ᠡᠮ ᠤᠤᠭᠤᠪᠠᠯ ᠵᠣᠬᠢᠨ᠎ᠠ᠂ ᠢᠩᠭᠢᠪᠡᠯ ᠴᠢᠰᠤᠨ ᠳᠠᠷᠤᠯᠲᠠ ᠲᠣᠭᠲᠠᠪᠤᠷᠢ ᠦᠭᠡᠢ ᠪᠣᠯᠬᠤ ᠶᠢ ᠰᠡᠷᠭᠡᠶᠢᠯᠡᠵᠦ ᠴᠢᠳᠠᠨ᠎ᠠ᠃ 2. ᠦᠳᠡ ᠶᠢᠨ ᠡᠮᠦᠨᠡᠬᠢ 9 ᠴᠠᠭ ᠠᠴᠠ 11 ᠴᠠᠭ ᠪᠤᠯᠳᠠᠯᠠᠬᠢ ᠦᠶ᠎ᠡ ᠡᠨᠡ ᠦᠶ᠎ᠡ ᠳᠤ ᠴᠢᠰᠤᠨ ᠳᠠᠷᠤᠯᠲᠠ ᠥᠨᠳᠥᠷ ᠪᠠᠶᠢᠵᠤ᠂ ᠰᠣᠯᠪᠢᠭᠤ ᠮᠡᠳᠡᠷᠡᠯ ᠬᠥᠭᠡᠷᠴᠦ᠂ ᠬᠥᠮᠥᠰ ᠰᠡᠳᠬᠢᠯ ᠳᠣᠭᠳᠣᠯᠤᠨ ᠬᠥᠭᠡᠷᠳᠡᠭ᠃ ᠡᠭᠦᠨ ᠤ ᠬᠠᠮᠲᠤ ᠪᠤᠯᠴᠢᠩ ᠰᠢᠷᠪᠦᠰᠦ ᠨᠢ ᠠᠮᠢᠳᠤᠯᠢᠭ ᠬᠥᠳᠡᠯᠭᠡᠭᠡᠨᠲᠦ ᠪᠠᠶᠢᠳᠠᠯ ᠳᠤ ᠣᠷᠣᠰᠢᠵᠤ᠂ ᠣᠯᠠᠨ ᠵᠦᠢᠯ ᠤᠨ ᠡᠯᠧᠮᠧᠨ᠋ᠲ ᠳᠠᠪᠬᠤᠴᠠᠬᠤ ᠳᠤ ᠬᠦᠷᠪᠡᠯ ᠲᠣᠯᠪᠤ ᠨᠢ ᠲᠣᠭᠲᠠᠪᠤᠷᠢ ᠦᠭᠡᠢ ᠪᠣᠯᠵᠤ᠂ ᠵᠢᠷᠦᠬᠡ ᠪᠠᠵᠠᠯᠠᠵᠤ ᠡᠪᠡᠳᠬᠦ᠂ ᠵᠢᠷᠦᠬᠡᠨ ᠲᠦᠭᠵᠢᠷᠡᠯ ᠵᠡᠷᠭᠡ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠲᠦᠭᠰᠢᠭᠦᠷᠢ ᠶᠢ ᠨᠡᠮᠡᠭᠳᠡᠭᠦᠯᠳᠡᠭ᠃ ᠰᠠᠨᠠᠭᠤᠯᠤᠮᠵᠢ᠄ ᠦᠳᠡ ᠶᠢᠨ ᠬᠤᠭᠤᠯᠠ ᠪᠠᠨ ᠬᠡᠲᠦᠷᠡᠲᠡᠯ᠎ᠡ ᠢᠳᠡᠵᠦ ᠪᠣᠯᠬᠤ ᠦᠭᠡᠢ᠂ ᠬᠤᠭᠤᠯᠠᠨ ᠤ ᠳᠠᠷᠠᠭ᠎ᠠ ᠰᠡᠯᠡᠭᠦᠴᠡᠨ ᠠᠯᠬᠤᠵᠤ᠂ ᠦᠳᠡ ᠳᠤ ᠴᠢᠳᠠᠬᠤ ᠶᠢᠨ ᠳᠣᠲᠣᠷ᠎ᠠ ᠬᠠᠭᠠᠰ ᠴᠠᠭ ᠤᠨᠲᠠᠬᠤ ᠬᠡᠷᠡᠭᠲᠡᠢ᠃ 3. ᠦᠳᠡ ᠶᠢᠨ ᠬᠤᠶᠢᠨᠠᠬᠢ 15 ᠴᠠᠭ ᠠᠴᠠ 17 ᠴᠠᠭ ᠪᠤᠯᠳᠠᠯᠠᠬᠢ ᠦᠶ᠎ᠡ ᠦᠳᠡ ᠶᠢᠨ ᠡᠮᠦᠨ᠎ᠡ ᠬᠠᠲᠠᠭᠤᠵᠢᠯᠲᠠᠢ ᠠᠵᠢᠯᠯᠠᠬᠤ ᠪᠠᠷ ᠳᠠᠮᠵᠢᠨ᠂ ᠪᠡᠶ᠎ᠡ ᠮᠠᠬᠠᠪᠤᠳ ᠪᠠ ᠶᠡᠭᠡ ᠲᠠᠷᠢᠬᠢ ᠪᠦᠷ ᠨᠡᠯᠢᠶᠡᠳ ᠶᠠᠳᠠᠷᠠᠭᠰᠠᠨ ᠪᠠᠶᠢᠳᠠᠯ ᠳᠤ ᠣᠷᠣᠳᠠᠭ︔ ᠦᠳᠡ ᠶᠢᠨ ᠬᠤᠶᠢᠨᠠᠬᠢ 16 ᠴᠠᠭ ᠠᠴᠠ ᠡᠬᠢᠯᠡᠨ ᠬᠥᠮᠥᠨ ᠤ ᠪᠡᠶ᠎ᠡ ᠶᠢᠨ ᠴᠢᠰᠤᠨ ᠳᠠᠷᠤᠯᠲᠠ ᠲᠠᠬᠢᠨ ︽ᠥᠨᠳᠥᠷᠵᠢᠳᠡᠭ︾ ᠠᠴᠠ ᠵᠢᠷᠦᠬᠡ ᠪᠠᠵᠠᠯᠠᠵᠤ ᠡᠪᠡᠳᠬᠦ᠂ ᠵᠢᠷᠦᠬᠡᠨ ᠪᠤᠯᠴᠢᠩ ᠤᠨ ᠲᠦᠭᠵᠢᠷᠡᠯ ᠵᠡᠷᠭᠡ ᠭᠡᠨᠡᠳᠡᠯ ᠡᠭᠦᠰᠳᠡᠭ᠃ ᠰᠠᠨᠠᠭᠤᠯᠤᠮᠵᠢ᠄ ᠠᠵᠢᠯ ᠤᠨ ᠵᠠᠪᠰᠠᠷ ᠲᠠᠭᠠᠨ ᠬᠡᠳᠦ ᠤᠳᠠᠭ᠎ᠠ ᠪᠣᠰᠴᠤ ᠬᠥᠳᠡᠯᠭᠡᠭᠡᠨ ᠬᠢᠵᠦ ᠪᠣᠯᠣᠨ᠎ᠠ᠂ ᠣᠷᠣᠢ ᠶᠢᠨ ᠬᠤᠭᠤᠯᠠ ᠪᠠᠨ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ ᠤᠨᠲᠠᠬᠤ ᠠᠴᠠ ᠪᠠᠨ ᠡᠮᠦᠨ᠎ᠡ ᠪᠢᠲᠡᠭᠡᠢ ᠭᠠᠷ ᠤᠲᠠᠰᠤ ᠪᠠᠨ ᠦᠵᠡᠭᠡᠳ ᠪᠠᠶᠢᠭᠠᠷᠠᠢ᠂ ᠨᠣᠮ ᠤᠩᠰᠢᠬᠤ ᠪᠤᠶᠤ ᠳᠠᠭᠤᠤ ᠰᠣᠨᠣᠰᠴᠤ᠂ ᠪᠡᠶ᠎ᠡ ᠰᠡᠳᠬᠢᠯ ᠢᠶᠠᠨ ᠪᠦᠷᠢᠮᠦᠰᠦᠨ ᠰᠤᠯᠠ ᠲᠠᠯᠪᠢᠵᠤ᠂ ᠤᠨᠲᠠᠬᠤ ᠪᠠᠷ ᠪᠡᠯᠡᠳᠬᠡᠵᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号