ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠠᠮᠤᠷ ᠲᠦᠪᠰᠢᠨ ᠢᠶᠠᠷ ᠭᠠᠵᠠᠷᠳᠡᠵᠤ ᠳᠡᠯᠡᠬᠡᠢ ᠲᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠡᠭᠦᠷᠭᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/26
   ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠴᠠᠬᠢᠯᠭᠠᠨ ᠶᠠᠪᠤᠭᠤᠯᠵᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠪᠡ   ᠳ᠋ᠢᠩ ᠰᠢᠤᠸᠠᠢ ᠰᠢᠶᠠᠩ ᠪᠡᠭᠡᠵᠢᠩ ᠳᠤ ᠪᠤᠴᠠᠯᠳᠠ ᠶᠢᠨ ᠮᠠᠰᠢᠨ ᠤ ᠭᠠᠵᠠᠷᠳᠡᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ   ᠪᠠᠶᠠᠷ ᠤᠨ ᠴᠠᠬᠢᠯᠭᠠᠨ   ᠰᠠᠷᠠᠨ ᠪᠥ᠋ᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠵᠢᠯᠣᠭᠤᠳᠬᠤ ᠬᠡᠯᠲᠡᠰ ᠪᠠ ᠡᠭᠦᠷᠭᠡ ᠳᠤ ᠣᠷᠣᠯᠴᠠᠭᠰᠠᠨ ᠪᠦᠬᠦ ᠨᠥᠬᠦᠳ ᠲᠤ᠄   ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠤᠭᠰᠠᠨ ᠪᠠᠶᠠᠷ ᠤᠨ ᠴᠢᠮᠡᠭᠡ ᠶᠢ ᠤᠯᠵᠤ ᠰᠤᠨᠤᠰᠤᠯ᠎ᠠ᠂ ᠪᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠠ ᠠᠴᠠ ᠲᠠ ᠨᠠᠷ ᠲᠤ ᠬᠠᠯᠠᠭᠤᠨ ᠪᠠᠶᠠᠷ ᠬᠦᠷᠭᠡᠵᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠦᠶ᠎ᠠ︕ ᠴᠠᠩ ᠧ ᠵᠢᠷᠭᠤᠳᠤᠭᠠᠷ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠬᠡᠷ ᠠᠪᠴᠤ ᠪᠤᠴᠠᠬᠤ ᠶᠢ ᠪᠡᠶᠡᠯᠡᠭᠦᠯᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠵᠤ ᠣᠯᠤᠭᠰᠠᠨ ᠪᠠᠰᠠ ᠨᠢᠭᠡᠨ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠤᠨ᠎ᠠ᠃ 20 ᠵᠢᠯ ᠤᠨ ᠲᠤᠷᠰᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠰᠤᠳᠤᠯᠤᠨ ᠦᠢᠯᠡᠳᠬᠦ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠪᠦᠬᠦ ᠨᠥᠬᠦᠳ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠠᠪᠠᠷᠢᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠵᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ ᠵᠠᠮ ᠢ ᠨᠡᠭᠡᠭᠡᠵᠡᠢ᠃ ᠲᠠ ᠨᠠᠷ ᠤᠨ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠶᠢ ᠡᠭᠡ ᠤᠯᠤᠰ ᠪᠠ ᠠᠷᠠᠳ ᠲᠦᠮᠡᠨ ᠥᠨᠢ ᠡᠭᠦᠷᠢᠳᠡ ᠪᠠᠳᠤ ᠴᠡᠬᠡᠵᠢᠯᠡᠬᠦ ᠶᠤᠮ᠃ ᠲᠠ ᠨᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠦᠯᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠣᠷᠴᠢᠯᠠᠩ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠬᠥᠮᠦᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ᠰᠢ ᠶᠢᠨ ᠫᠢᠩ      2024 ᠤᠨ ᠤ 6 ᠰᠠᠷ᠎ᠠ ᠶᠢᠨ 25 ᠤ ᠡᠳᠦᠷ   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 25 ᠤ ᠴᠠᠬᠢᠯᠭᠠᠨ ᠮᠡᠳᠡᠭᠡ︶   6 ᠰᠠᠷ᠎ᠠ ᠶᠢᠨ 25 ᠤ ᠡᠳᠦᠷ ᠤᠨ 14 ᠴᠠᠭ 7 ᠮᠢᠨᠦ᠋ᠲ ᠲᠤ ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠠᠪᠤᠬᠰᠠᠨ ᠥᠯᠢᠭᠡᠷ ᠢᠶᠠᠨ ᠠᠪᠴᠤ ᠥᠪᠥᠷ ᠮᠣᠩᠭᠤᠯ ᠤᠨ ᠳᠥᠷᠪᠡᠳ ᠬᠤᠰᠢᠭᠤᠨ ᠤ ᠤᠷᠢᠳᠴᠢᠯᠠᠨ ᠲᠤᠭᠲᠠᠭᠠᠭᠰᠠᠨ ᠤᠷᠤᠨ ᠳᠤ ᠠᠮᠤᠷ ᠲᠦᠪᠰᠢᠨ ᠢᠶᠠᠷ ᠭᠠᠵᠠᠷᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠢᠯᠡᠭᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠰᠠᠷᠠᠨ ᠪᠥ᠋ᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠵᠢᠯᠣᠭᠤᠳᠬᠤ ᠬᠡᠯᠲᠡᠰ ᠪᠠ ᠴᠠᠩ ᠧ ᠵᠢᠷᠭᠤᠳᠤᠭᠠᠷ ᠤᠨ ᠡᠭᠦᠷᠭᠡ ᠳᠤ ᠣᠷᠣᠯᠴᠠᠭᠰᠠᠨ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠭᠰᠡᠨ ᠪᠥᠭᠡᠳ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃   ᠰᠢ ᠶᠢᠨ ᠫᠢᠩ ᠪᠠᠶᠠᠷ ᠤᠨ ᠴᠠᠬᠢᠯᠭᠠᠨ ᠳᠠᠭᠠᠨ᠂ ᠴᠠᠩ ᠧ ᠵᠢᠷᠭᠤᠳᠤᠭᠠᠷ ᠪᠤᠯ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠬᠡᠷ ᠠᠪᠴᠤ ᠪᠤᠴᠠᠬᠤ ᠶᠢ ᠪᠡᠶᠡᠯᠡᠭᠦᠯᠦᠭᠰᠡᠨ ᠶᠠᠪᠤᠳᠠᠯ ᠪᠠᠶᠢᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠵᠤ ᠣᠯᠤᠭᠰᠠᠨ ᠪᠠᠰᠠ ᠨᠢᠭᠡᠨ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠤᠨ᠎ᠠ᠃ 20 ᠵᠢᠯ ᠤᠨ ᠲᠤᠷᠰᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠰᠤᠳᠤᠯᠤᠨ ᠦᠢᠯᠡᠳᠬᠦ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠪᠦᠬᠦ ᠨᠥᠬᠦᠳ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠠᠪᠠᠷᠢᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠵᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ ᠵᠠᠮ ᠢ ᠨᠡᠭᠡᠭᠡᠵᠡᠢ᠃ ᠲᠠ ᠨᠠᠷ ᠤᠨ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠶᠢ ᠡᠭᠡ ᠤᠯᠤᠰ ᠪᠠ ᠠᠷᠠᠳ ᠲᠦᠮᠡᠨ ᠥᠨᠢ ᠡᠭᠦᠷᠢᠳᠡ ᠪᠠᠳᠤ ᠴᠡᠬᠡᠵᠢᠯᠡᠬᠦ ᠶᠤᠮ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠲᠠ ᠨᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠦᠯᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠣᠷᠴᠢᠯᠠᠩ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠬᠥᠮᠦᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠴᠠᠩ ᠧ ᠵᠢᠷᠭᠤᠳᠤᠭᠠᠷ ᠤᠨ ᠡᠭᠦᠷᠭᠡ ᠶᠢᠨ ᠪᠤᠴᠠᠯᠳᠠ ᠶᠢᠨ ᠮᠠᠰᠢᠨ ᠤ ᠭᠠᠵᠠᠷᠳᠡᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠲᠤᠬᠠᠢ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠬᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃   ᠴᠠᠩ ᠧ ᠵᠢᠷᠭᠤᠳᠤᠭᠠᠷ ᠤᠨ ᠡᠭᠦᠷᠭᠡ ᠨᠢ ᠬᠠᠷᠪᠤᠬᠰᠠᠨ ᠠᠴᠠ ᠠᠪᠤᠭᠠᠳ 53 ᠡᠳᠦᠷ᠂ 11 ᠨᠢᠰᠦᠯᠲᠡ ᠶᠢᠨ ᠱᠠᠲᠤ ᠦᠶ᠎ᠡ ᠶᠢ ᠥᠩᠭᠡᠷᠡᠭᠡᠵᠦ᠂ ᠰᠠᠷᠠᠨ ᠪᠥᠮᠪᠥᠷᠴᠡᠭ ᠤᠨ ᠰᠥᠷᠭᠡᠦ ᠲᠣᠭᠤᠷᠢᠯᠲᠠ ᠶᠢᠨ ᠵᠠᠮ ᠢ ᠵᠢᠷᠤᠵᠤ ᠲᠥᠯᠥᠪᠯᠡᠬᠦ ᠪᠠ ᠡᠵᠡᠮᠳᠡᠬᠦ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠣᠶᠤᠨᠴᠢ ᠪᠠᠷ ᠲᠦᠷᠭᠡᠨ ᠥᠯᠢᠭᠡᠷ ᠠᠪᠬᠤ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠨᠢᠰᠴᠦ ᠬᠦᠭᠡᠷᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠶᠢᠨ ᠥᠯᠢᠭᠡᠷ ᠢ ᠣᠯᠤᠭᠰᠠᠨ ᠪᠥᠭᠡᠳ 4 ᠰᠠᠭᠤᠷᠢ ᠣᠯᠠᠨ ᠤᠯᠤᠰ ᠤᠨ ᠠᠴᠢᠶ᠎ᠠ ᠶᠢ ᠠᠴᠢᠶᠠᠯᠠᠵᠤ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 25 ᠤ ᠴᠠᠬᠢᠯᠭᠠᠨ ᠮᠡᠳᠡᠭᠡ︶    
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号