1947 ᠰᠢᠯᠭᠠᠭᠤᠯᠤᠭᠴᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠤᠷ ᠲᠤ ᠤᠷᠤᠯ᠎ᠠ
ᠨᠡᠶᠢᠲᠡᠯᠡᠭᠰᠡᠨ ᠴᠠᠭ᠄
2024/6/27
    ᠦᠵᠦᠭ ᠢᠶᠠᠨ ᠪᠠᠷᠢᠵᠤ ᠵᠡᠭᠦᠳᠦ ᠪᠠᠨ ᠲᠡᠷᠭᠡᠯᠰᠢᠭᠡᠳ᠂ ᠰᠠᠯᠬᠢ ᠳᠠᠪᠠᠯᠭᠠᠨ ᠢ ᠵᠦᠰᠦᠨ ᠤᠷᠤᠭᠰᠢᠯᠠᠨ᠎ᠠ᠃ 6 ᠰᠠᠷ᠎ᠠ ᠶᠢᠨ 26 ᠤ ᠡᠳᠦᠷ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠬᠥᠰᠢᠭᠡ ᠪᠠᠨ ᠰᠡᠬᠦᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 1947 ᠰᠢᠯᠭᠠᠭᠤᠯᠤᠭᠴᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠤᠷ ᠲᠤ ᠣᠷᠣᠵᠤ᠂ ᠲᠡᠳᠡᠨ ᠤ ᠠᠩᠬᠠᠳᠠᠭᠴᠢ ︽ᠬᠥᠮᠦᠨ ᠤ ᠠᠮᠢᠳᠤᠷᠠᠯ ᠤᠨ ᠶᠡᠭᠡ ᠰᠢᠯᠭᠠᠯᠲᠠ ︾ ᠶᠢᠨ ᠲᠥᠯᠥᠭᠡ ᠡᠷᠡᠯᠬᠡᠭᠯᠡᠨ ᠲᠡᠮᠡᠴᠡᠪᠡ᠃    ᠥᠷᠯᠥᠭᠡ ᠶᠢᠨ 7 ᠴᠠᠭ 30 ᠮᠢᠨᠦ᠋ᠲ ᠲᠤ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠡᠮᠦᠨ᠎ᠡ ᠨᠢᠭᠡᠨᠲᠡ ᠬᠥᠷ ᠬᠥᠭᠵᠢᠶᠡᠨ ᠢᠶᠠᠷ ᠪᠢᠯᠬᠠᠵᠤ ᠪᠠᠶᠢᠪᠠ᠃ ᠴᠥᠭᠡᠨ ᠪᠤᠰᠤ ᠰᠢᠯᠭᠠᠭᠤᠯᠤᠭᠴᠢ ᠨᠢᠭᠡᠨᠲᠡ ᠲᠤᠬᠠᠢ ᠶᠢᠨ ᠲᠠᠯᠠᠪᠤᠷ ᠲᠤ ᠬᠦᠷᠴᠦ᠂ ᠲᠡᠳᠡ ᠳᠡᠰ ᠳᠠᠷᠠᠭᠠᠯᠠᠨ ᠬᠠᠭᠠᠯᠲᠠ ᠶᠢᠨ ᠮᠠᠰᠢᠨ ᠢ ᠥᠩᠭᠡᠷᠡᠭᠦᠯᠵᠡᠢ᠃ ᠬᠥᠮᠦᠨ ᠪᠣᠯᠭᠠᠨ ᠡᠷᠡᠰ ᠴᠢᠩᠭ᠎ᠠ ᠪᠥᠭᠡᠳ ᠬᠦᠴᠦᠲᠡᠢ ᠠᠯᠬᠤᠭ᠎ᠠ ᠪᠠᠷ᠂ ᠴᠢᠷᠠᠢ ᠳᠤᠨᠢ ᠢᠲᠡᠭᠡᠯ ᠳᠦᠭᠦᠷᠡᠩ ᠢᠨᠢᠶᠡᠮᠰᠦᠭᠯᠡᠯ ᠲᠣᠳᠣᠷᠠᠵᠤ᠂ ᠰᠢᠯᠭᠠᠯᠲᠠ ᠶᠢᠨ ᠲᠠᠯᠠᠪᠤᠷ ᠲᠤ ᠬᠥᠩᠭᠡᠨ ᠣᠷᠣᠪᠠ᠃    ︽ᠥᠨᠥᠳᠦᠷ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠢᠷᠡᠵᠦ ᠰᠢᠯᠭᠠᠯᠲᠠ ᠬᠢᠨ᠎ᠡ᠂ ᠬᠡᠦᠬᠡᠳ ᠤᠨ ᠳᠤᠮᠳᠠᠳᠤ ᠰᠤᠷᠭᠠᠭᠤᠯᠢ ᠳᠤ ᠰᠢᠯᠭᠠᠯᠲᠠ ᠳᠤ ᠬᠦᠴᠦ ᠨᠡᠮᠡᠵᠦ᠂ ᠬᠡᠦᠬᠡᠳ ᠤᠨ ᠤᠷᠠᠨ ᠪᠢᠷ ᠤᠨ ᠠᠪᠢᠶᠠᠰ ᠪᠢᠯᠢᠭ ᠤᠨ ᠲᠥᠯᠥᠭᠡ ᠥᠪᠡᠷ ᠤᠨ ᠴᠢᠷᠮᠠᠶᠢᠯᠭ᠎ᠠ ᠪᠠᠷ ᠢᠶᠠᠨ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠬᠦᠰᠡᠵᠦ ᠪᠠᠶᠢᠨ᠎ᠠ᠂ ᠡᠨᠡ ᠬᠦ ᠲᠣᠬᠢᠶᠠᠯ ᠢ ᠠᠰᠢᠭᠯᠠᠨ ᠰᠤᠷᠭᠠᠭᠤᠯᠢ ᠪᠠ ᠪᠠᠭᠰᠢ ᠶᠢᠨ ᠭᠤᠷᠪᠠᠨ ᠵᠢᠯ ᠤᠨ ᠲᠤᠷᠰᠢ ᠬᠡᠦᠬᠡᠳ ᠢ ᠬᠥᠮᠦᠵᠢᠭᠦᠯᠵᠦ᠂ ᠬᠠᠮᠤᠭ ᠤᠨ ᠡᠴᠦᠰ ᠲᠤ ᠬᠡᠦᠬᠡᠳ ᠤᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠶᠢᠨ ᠤᠷᠤᠭᠰᠢᠲᠠᠢ ᠶᠠᠪᠤᠭᠳᠠᠬᠤ ᠶᠢ ᠵᠥᠩᠨᠡᠶ᠎ᠡ︾ ᠬᠡᠵᠤ ᠰᠢᠯᠭᠠᠭᠤᠯᠤᠭᠰᠠᠳ ᠤᠨ ᠭᠡᠷ ᠤᠨ ᠠᠬᠠᠮᠠᠳ ᠯᠢ ᠵᠢᠩ ᠵᠢᠩ ᠬᠡᠯᠡᠪᠡ᠃    ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠵᠣᠬᠢᠶᠠᠨ ᠪᠠᠶᠢᠭᠤᠯᠬᠤ ᠠᠩᠭᠢ ᠶᠢᠨ ᠡᠷᠬᠢᠯᠡᠭᠴᠢ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ᠂ ᠰᠤᠷᠤᠭᠴᠢᠳ ᠲᠤ ᠰᠢᠯᠭᠠᠯᠲᠠ ᠠᠴᠠ ᠡᠮᠦᠨᠡᠬᠢ ᠰᠡᠳᠬᠢᠴᠡ ᠶᠢᠨ ᠵᠢᠯᠣᠭᠤᠳᠣᠯᠭ᠎ᠠ ᠬᠢᠵᠦ᠂ ᠰᠤᠷᠤᠭᠴᠢᠳ ᠢ ᠬᠠᠪᠰᠤᠷᠤᠨ ᠰᠢᠯᠭᠠᠯᠲᠠ ᠳᠤ ᠣᠷᠣᠯᠴᠠᠭᠤᠯᠵᠤ᠂ ᠣᠪᠣᠷ ᠢ ᠨᠢ ᠲᠣᠬᠢᠷᠠᠭᠤᠯᠤᠨ᠂ ᠳᠠᠷᠤᠭᠠᠰᠤ ᠶᠢ ᠨᠢ ᠬᠥᠩᠭᠡᠷᠡᠭᠦᠯᠪᠡ ᠃ ᠡᠭᠦᠨ ᠤ ᠬᠠᠮᠲᠤ᠂ ᠪᠠᠭᠰᠢ ᠨᠠᠷ ᠪᠠᠰᠠ ᠬᠤᠪᠢᠰᠬᠠᠯ ᠤᠨ ᠣᠬᠤᠷ ᠬᠠᠨᠴᠤᠢ ᠲᠠᠢ ᠬᠤᠪᠴᠠᠰᠤ ᠡᠮᠦᠰᠴᠦ᠂ ᠰᠤᠷᠤᠭᠴᠢᠳ ᠪᠦᠷ ᠠᠵᠠ ᠵᠢᠷᠭᠠᠯ ᠢ ᠲᠡᠷᠢᠭᠦᠨ ᠳᠤ ᠲᠠᠯᠪᠢᠵᠤ᠂ ᠪᠢᠷ ᠪᠠᠷᠢᠬᠤ ᠳᠤ ᠠᠩᠬᠠᠷᠤᠯ ᠢᠶᠠᠨ ᠲᠠᠯᠪᠢᠬᠤ ᠶᠢ ᠬᠦᠰᠡᠵᠦ ᠪᠠᠶᠢᠨ᠎ᠠ᠃    ︽ᠮᠠᠨ ᠤ ᠣᠨ ᠤ ᠠᠩᠭᠢ ᠶᠢᠨ ᠡᠷᠬᠢᠯᠡᠭᠴᠢ ᠪᠠᠭᠰᠢ ᠨᠠᠷ ᠨᠢᠭᠡᠳᠦᠯᠲᠡᠢ ᠬᠤᠪᠢᠰᠬᠠᠯᠲᠤ ᠬᠤᠪᠴᠠᠰᠤ ᠡᠮᠦᠰᠴᠦ ᠰᠤᠷᠤᠭᠴᠢᠳ ᠲᠤ ᠰᠢᠯᠭᠠᠯᠲᠠ ᠬᠦᠷᠭᠡᠵᠦ᠂ ᠤᠳᠬ᠎ᠠ ᠰᠠᠨᠠᠭ᠎ᠠ ᠶᠢ ᠢᠯᠡᠷᠡᠭᠦᠯᠦᠨ᠂ ᠰᠤᠷᠤᠭᠴᠢᠳ ᠤᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠬᠤᠪᠢ ᠨᠡᠮᠡᠵᠦ᠂ ᠰᠢᠯᠭᠠᠭᠤᠯᠤᠭᠴᠢ ᠨᠢᠭᠡᠪᠦᠷᠢ ᠶᠢᠨ ᠬᠤᠰᠢᠭᠤᠴᠢ ᠪᠠ ᠬᠦᠰᠡᠯ ᠵᠡᠭᠦᠳᠦ ᠨᠢ ᠪᠡᠶᠡᠯᠡᠭᠳᠡᠵᠦ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠭᠡ ᠠᠮᠵᠢᠯᠲᠠ  ᠤᠯᠤᠨ᠎ᠡ︾ ᠬᠡᠵᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠢᠰᠦᠳᠦᠭᠡᠷ ᠣᠨ ᠤ ᠡᠷᠬᠢᠯᠡᠭᠴᠢ ᠵᠠᠩ ᠸᠠᠢ ᠬᠡᠯᠡᠪᠡ᠃    ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠨᠢᠭᠡ ᠨᠡᠶᠢᠲᠡ ᠶᠢᠨ ᠮᠠᠰᠢᠨ ᠲᠡᠷᠭᠡ ᠰᠢᠯᠭᠠᠭᠤᠯᠤᠭᠴᠢ ᠶᠢ ᠠᠴᠢᠶᠠᠯᠠᠵᠤ᠂ ᠪᠠᠭᠰᠢ ᠳᠠᠭᠠᠭᠤᠯᠤᠨ ᠰᠢᠯᠭᠠᠯᠲᠠ ᠶᠢᠨ ᠲᠠᠯᠠᠪᠤᠷ ᠲᠤ ᠬᠦᠷᠴᠦ᠂ ᠰᠢᠯᠭᠠᠭᠤᠯᠤᠭᠴᠢ ᠶᠢᠨ ᠴᠤᠭ ᠵᠢᠪᠬᠤᠭ᠎ᠠ ᠪᠠᠳᠠᠷᠠᠩᠭᠤᠢ ᠴᠢᠷᠠᠢ ᠳᠤ ᠵᠠᠯᠠᠭᠤ ᠨᠠᠰᠤᠨ ᠤ ᠠᠭᠤᠷ ᠠᠮᠢᠰᠬᠤᠯ ᠢᠶᠠᠷ ᠪᠢᠯᠬᠠᠵᠤ᠂ ᠲᠡᠳᠡ ᠪᠠᠭᠰᠢ ᠶᠢᠨ ᠵᠣᠬᠢᠶᠠᠨ ᠪᠠᠶᠢᠭᠤᠯᠤᠯᠲᠠ ᠠᠴᠠ ᠡᠮᠬᠢ ᠵᠢᠷᠤᠮ ᠲᠠᠢ ᠭᠠᠵᠠᠷ ᠳᠣᠣᠷᠠᠬᠢ ᠰᠤᠷᠭᠠᠭᠤᠯᠢ ᠶᠢᠨ ᠲᠡᠷᠭᠡ᠂ ᠠᠮᠤᠷ ᠲᠦᠪᠰᠢᠨ ᠤ ᠪᠠᠶᠢᠴᠠᠭᠠᠯᠲᠠ᠂ ᠮᠥᠷᠯᠡᠨ ᠰᠢᠯᠭᠠᠯᠲᠠ ᠶᠢᠨ ᠲᠠᠯᠠᠪᠤᠷ ᠲᠤ ᠣᠷᠣᠵᠤ ᠪᠠᠶᠢᠯ᠎ᠠ᠃    ︽ᠥᠨᠥᠳᠦᠷ ᠠᠳᠡ ᠬᠡᠦᠬᠡᠳ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠤᠯᠪᠠ᠂ ᠠᠳᠡᠬᠢ ᠠᠯᠢᠪᠠ ᠪᠦᠬᠦᠨ ᠴᠥᠮ ᠨᠠᠳᠠ ᠳᠤ ᠭᠦᠨ ᠵᠤᠵᠠᠭᠠᠨ ᠬᠠᠯᠠᠮᠵᠢᠯᠠᠯ ᠪᠠ ᠳᠡᠮᠵᠢᠯᠭᠡ ᠶᠢ ᠮᠡᠳᠡᠷᠡᠭᠦᠯᠵᠦ ᠪᠠᠶᠢᠨ᠎ᠠ᠂ ᠵᠠᠮ ᠬᠠᠷᠢᠯᠴᠠᠭ᠎ᠠ ᠰᠢᠯᠤᠭᠤᠨ ᠢᠶᠠᠷ ᠪᠢ ᠮᠠᠰᠢ ᠪᠠᠶᠠᠷᠯᠠᠵᠤ᠂ ᠮᠢᠨᠦ ᠬᠡᠦᠬᠡᠳ ᠰᠢᠯᠭᠠᠯᠲᠠ ᠶᠢᠨ ᠲᠠᠯᠠᠪᠠᠢ ᠳᠡᠭᠡᠷ᠎ᠡ ᠲᠣᠭᠲᠠᠭᠤᠨ ᠢᠶᠠᠷ ᠪᠠᠳᠠᠷᠠᠭᠤᠯᠵᠤ᠂ ᠬᠦᠰᠡᠯᠡᠩ ᠤᠨ ᠬᠢᠷᠢ ᠪᠦᠲᠦᠮᠵᠢ ᠶᠢ ᠰᠢᠯᠭᠠᠨ ᠭᠠᠷᠭᠠᠵᠤ᠂ ᠬᠦᠰᠡᠯᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠳᠤ ᠠᠯᠬᠤᠨ ᠣᠷᠣᠬᠤ ᠶᠢ ᠬᠦᠰᠡᠵᠦ ᠪᠠᠶᠢᠨ᠎ᠠ︾ ᠭᠡᠵᠦ ᠰᠢᠯᠭᠠᠭᠤᠯᠤᠭᠰᠠᠳ ᠤᠨ ᠭᠡᠷ ᠤᠨ ᠠᠬᠠᠮᠠᠳ ᠰᠠᠷᠠᠨ᠎ᠠ ᠬᠡᠯᠡᠪᠡ᠃    ᠰᠢᠯᠭᠠᠯᠲᠠ ᠶᠢᠨ ᠲᠠᠯᠠᠪᠠᠢ ᠳᠤ᠂ ᠰᠤᠷᠤᠭᠴᠢᠳ ᠴᠢᠷᠮᠠᠶᠢᠨ ᠠᠵᠢᠯᠯᠠᠵᠤ ᠵᠠᠯᠠᠭᠤ ᠨᠠᠰᠤᠨ ᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ᠃ ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ᠂ ᠡᠭᠦᠷᠭᠡ ᠭᠦᠢᠴᠡᠳᠬᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ᠂ ᠦᠢᠯᠡᠴᠢᠯᠡᠭᠡᠨ ᠤ ᠪᠠᠲᠤᠯᠠᠭ᠎ᠠ᠂ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠣᠢ ᠪᠣᠯᠭᠠᠬᠤ ᠵᠡᠷᠭᠡ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠭᠠᠭᠤᠯᠤᠭᠴᠢ ᠳᠤ ᠰᠠᠶᠢᠨ ᠰᠠᠶᠢᠬᠠᠨ ᠰᠢᠯᠭᠠᠯᠲᠠ ᠶᠢᠨ ᠠᠭᠤᠷ ᠠᠮᠢᠰᠬᠤᠯ ᠢ ᠪᠣᠢ ᠪᠣᠯᠭᠠᠵᠤ ᠥᠭᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 3915 ᠬᠥᠮᠦᠨ᠂ ᠡᠭᠦᠨ ᠳᠤ ᠶᠢᠰᠦᠳᠦᠭᠡᠷ ᠣᠨ ᠳᠤ 1947 ᠣᠨ ᠳᠤ ᠨᠡᠷ᠎ᠡ ᠮᠡᠳᠡᠭᠦᠯᠵᠦ᠂ ᠨᠠᠢᠮᠠᠳᠤᠭᠠᠷ ᠣᠨ ᠳᠤ 1968 ᠬᠥᠮᠦᠨ ᠳᠤ ᠨᠡᠷ᠎ᠡ ᠮᠡᠳᠡᠭᠦᠯᠪᠡ᠃ ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠪᠠ ᠭᠤᠷᠪᠠᠳᠤᠭᠠᠷ ᠳᠤᠮᠳᠠᠳᠤ ᠰᠤᠷᠭᠠᠭᠤᠯᠢ ᠬᠤᠶᠠᠷ ᠰᠢᠯᠭᠠᠯᠲᠠ ᠶᠢᠨ ᠴᠡᠭ 69 ᠰᠢᠯᠭᠠᠯᠲᠠ ᠶᠢᠨ ᠲᠠᠯᠠᠪᠠᠢ ᠭᠠᠷᠭᠠᠵᠤ᠂ ᠡᠭᠦᠨ ᠳᠤ ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ 41 ᠰᠢᠯᠭᠠᠯᠲᠠ ᠶᠢᠨ ᠲᠠᠯᠠᠪᠠᠢ ᠭᠠᠷᠭᠠᠵᠤ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ 28 ᠰᠢᠯᠭᠠᠯᠲᠠ ᠶᠢᠨ ᠲᠠᠯᠠᠪᠠᠢ ᠲᠣᠬᠢᠷᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号