ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
   6 ᠰᠠᠷ᠎ᠠ ᠶᠢᠨ 26 ᠤ ᠡᠳᠦᠷ ᠪᠣᠯ ᠳᠡᠯᠡᠬᠡᠢ ᠳᠡᠭᠡᠷᠡᠬᠢ ᠬᠤᠣᠷᠲᠤ ᠡᠳ᠋ ᠢ ᠴᠠᠭᠠᠵᠠᠯᠠᠬᠤ ᠡᠳᠦᠷ ᠮᠥᠨ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠭᠦᠨᠵᠡᠭᠡᠢ ᠥᠷᠨᠢᠬᠦ ᠶᠢ ᠨᠡᠩ ᠰᠠᠶᠢᠲᠤᠷ ᠲᠦᠯᠬᠢᠨ ᠠᠬᠢᠭᠤᠯᠵᠤ᠂ ᠬᠤᠣᠷᠲᠤ ᠡᠳ᠋ ᠢ ᠴᠠᠭᠠᠵᠠᠯᠠᠬᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠠᠷᠠᠳ ᠤᠨ ᠬᠤᠣᠷᠲᠤ ᠡᠳ᠋ ᠢ ᠰᠡᠷᠭᠡᠶᠢᠯᠡᠬᠦ᠂ ᠬᠤᠣᠷᠲᠤ ᠡᠳ᠋ ᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠬᠤ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠤᠨ ᠬᠤᠣᠷᠲᠤ ᠡᠳ᠋ ᠢ ᠴᠠᠭᠠᠵᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠬᠢᠩᠭᠠᠨ ᠠᠶᠢᠮᠠᠭ ᠤᠨ ᠬᠤᠣᠷ ᠴᠠᠭᠠᠵᠠᠯᠠᠬᠤ ᠵᠥᠪᠯᠡᠯ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠣᠷ ᠴᠠᠭᠠᠵᠠᠯᠠᠬᠤ ᠵᠥᠪᠯᠡᠯ ᠠᠴᠠ ᠳᠠᠭᠠᠭᠠᠴᠢᠯᠠᠨ ᠡᠷᠬᠢᠯᠡᠵᠦ᠂ ︽ᠵᠠᠯᠠᠭᠤᠴᠤᠳ ᠪᠠᠭᠠᠴᠤᠳ ᠤᠨ ᠡᠮ ᠤᠨ ᠵᠦᠢᠯ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠵᠦ ᠰᠢᠨ᠎ᠡ ᠴᠠᠭ ᠦᠶ᠎ᠡ ᠶᠢᠨ ᠬᠤᠣᠷᠲᠤ ᠡᠳ᠋ ᠦᠭᠡᠢ ᠤᠮᠠᠷᠠᠲᠤ ᠬᠢᠯᠢ ᠶᠢ ᠬᠠᠮᠲᠤ ᠪᠠᠷ ᠪᠠᠶᠢᠭᠤᠯᠬᠤ︾ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠭᠤᠳᠠᠮ ᠲᠠᠯᠠᠪᠠᠢ ᠶᠢ ᠪᠠᠲᠤ ᠴᠣᠭᠴᠠᠯᠠᠨ᠎ᠠ᠃    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠬᠤᠣᠷ ᠴᠠᠭᠠᠵᠠᠯᠠᠬᠤ ᠵᠥᠪᠯᠡᠯ ᠤᠨ ᠡᠷᠬᠢᠯᠡᠭᠴᠢ ᠸᠠᠩ ᠬᠠᠢ ᠶᠢᠩ ᠠᠵᠢᠯᠯᠠᠭ᠎ᠠ ᠳᠡᠭᠡᠷ᠎ᠡ ᠪᠠᠶᠠᠷ ᠤᠨ ᠦᠭᠡ ᠬᠡᠯᠡᠵᠡᠢ᠃    ᠸᠠᠩ ᠬᠠᠢ ᠶᠢᠩ ᠴᠢᠬᠤᠯᠠᠴᠢᠯᠠᠭᠰᠠᠨ ᠨᠢ᠂ ︽ᠵᠠᠯᠠᠭᠤᠴᠤᠳ ᠪᠠᠭᠠᠴᠤᠳ ᠤᠨ ᠡᠮ ᠲᠠᠩ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠵᠦ ᠰᠢᠨ᠎ᠡ ᠴᠠᠭ ᠦᠶ᠎ᠡ ᠶᠢᠨ ᠬᠤᠣᠷᠲᠤ ᠡᠳ᠋ ᠦᠭᠡᠢ ᠤᠮᠠᠷᠠᠲᠤ ᠬᠢᠯᠢ ᠶᠢ ᠬᠠᠮᠲᠤ ᠪᠠᠷ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠬᠤᠣᠷᠲᠤ ᠡᠳ᠋ ᠢ ᠴᠠᠭᠠᠵᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠤᠯᠠᠮᠵᠢᠯᠠᠵᠤ᠂ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠤᠨ ᠨᠡᠪᠴᠢᠯᠲᠡ ᠶᠢ ᠡᠰᠡᠷᠭᠦᠴᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠣᠷ ᠢ ᠪᠠᠲᠤ ᠪᠠᠬᠢ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠵᠠᠯᠠᠭᠤ ᠨᠠᠶᠢᠵᠠ ᠨᠠᠷ ᠤᠨ ᠬᠤᠣᠷᠲᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠢ ᠣᠷᠣᠯᠴᠠᠬᠤ ᠶᠢ ᠳᠠᠶᠢᠴᠢᠯᠠᠵᠤ᠂ ᠪᠦᠬᠦ ᠨᠡᠶᠢᠭᠡᠮ ᠢᠶᠠᠷ ᠢᠶᠠᠨ ᠬᠤᠣᠷᠲᠤ ᠡᠳ᠋ ᠤᠨ ᠬᠠᠯᠳᠠᠯᠭ᠎ᠠ ᠶᠢ ᠤᠬᠠᠮᠰᠠᠷ ᠠᠴᠠ ᠪᠠᠨ ᠬᠤᠷᠢᠭᠯᠠᠵᠤ᠂ ᠬᠤᠣᠷᠲᠤ ᠡᠳ᠋ ᠢ ᠴᠠᠭᠠᠵᠠᠯᠠᠬᠤ ᠠᠷᠠᠳ ᠤᠨ ᠳᠠᠶᠢᠨ ᠳᠤ ᠢᠳᠡᠪᠬᠢᠲᠡᠢ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠰᠢᠨ᠎ᠡ ᠨᠢᠭᠡ ᠡᠭᠡᠯᠵᠢ ᠶᠢᠨ ᠬᠤᠣᠷᠲᠤ ᠡᠳ᠋ ᠢ ᠴᠠᠭᠠᠵᠠᠯᠠᠬᠤ ᠠᠷᠠᠳ ᠤᠨ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ ᠶᠤᠮ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠨᠴᠠ ᠴᠠᠭᠳᠠᠭᠠᠨ ᠤ ᠶᠡᠭᠡ ᠠᠩᠭᠢ ᠲᠣᠭᠯᠠᠯᠲᠠ ᠭᠠᠷᠭᠠᠵᠤ᠂ ᠲᠤᠬᠠᠢ ᠶᠢᠨ ᠲᠠᠯᠠᠪᠠᠢ ᠶᠢᠨ 100 ᠭᠠᠷᠤᠢ ᠵᠠᠯᠠᠭᠤᠴᠤᠳ ᠪᠠᠭᠠᠴᠤᠳ ᠲᠠᠢ ᠪᠠᠴᠢᠮ ᠬᠥᠳᠡᠯᠦᠯᠴᠡᠨ᠂ ᠪᠠᠴᠢᠮ ᠰᠡᠳᠡᠯᠲᠡ ᠶᠢᠨ ᠰᠣᠷᠢᠯᠲᠠ ᠬᠢᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠭᠦᠨ ᠳᠣᠭᠳᠣᠯᠤᠭᠤᠯᠵᠤ᠂ ᠬᠤᠣᠷ ᠰᠡᠷᠭᠡᠶᠢᠯᠡᠬᠦ᠂ ᠬᠤᠣᠷ ᠡᠰᠡᠷᠭᠦᠴᠡᠬᠦ ᠤᠬᠠᠮᠰᠠᠷ ᠢ ᠵᠠᠯᠠᠭᠤᠴᠤᠳ ᠪᠠᠭᠠᠴᠤᠳ ᠤᠨ ᠰᠡᠳᠬᠢᠯ ᠳᠤ ᠬᠠᠳᠠᠩᠰᠢᠭᠤᠯᠪᠠ᠃    ︽ᠡᠨᠡ ᠤᠳᠠᠭᠠᠨ ᠤ 2024 ᠣᠨ ᠤ ᠳᠡᠯᠡᠬᠡᠢ ᠶᠢᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ᠂ ᠨᠠᠳᠠ ᠳᠤ ᠮᠠᠰᠢ ᠶᠡᠭᠡ ᠠᠰᠢᠭ ᠬᠦᠷᠲᠡᠭᠡᠵᠦ᠂ ᠬᠤᠣᠷᠲᠤ ᠡᠳ᠋ ᠠᠴᠠ ᠮᠠᠨ ᠤ ᠵᠠᠯᠠᠭᠤᠴᠤᠳ ᠪᠠᠭᠠᠴᠤᠳ ᠲᠤ ᠦᠵᠡᠭᠦᠯᠬᠦ ᠬᠤᠣᠷ ᠬᠥᠨᠥᠭᠡᠯᠲᠦ ᠴᠢᠨᠠᠷ ᠵᠢᠴᠢ ᠨᠡᠶᠢᠭᠡᠮ ᠳᠤ ᠦᠵᠡᠭᠦᠯᠬᠦ ᠬᠤᠣᠷ ᠬᠥᠨᠥᠭᠡᠯᠲᠦ ᠴᠢᠨᠠᠷ ᠢ ᠨᠠᠳᠠ ᠳᠤ ᠣᠶᠢᠯᠠᠭᠠᠭᠤᠯᠤᠭᠰᠠᠨ ᠪᠠᠶᠢᠨ᠎ᠠ᠃ ᠵᠠᠯᠠᠭᠤᠴᠤᠳ ᠪᠠᠭᠠᠴᠤᠳ ᠬᠡᠦᠬᠡᠳ ᠥᠪᠡᠷ ᠢᠶᠠᠨ ᠪᠠᠰᠠ ᠡᠨᠡ ᠬᠦ ᠬᠤᠣᠷ ᠢ ᠡᠰᠡᠷᠭᠦᠴᠡᠬᠦ᠂ ᠬᠤᠣᠷ ᠢ ᠡᠰᠡᠷᠭᠦᠴᠡᠬᠦ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠵᠤ᠂ ᠳᠡᠯᠡᠬᠡᠢ ᠳ᠋ᠠᠬᠢᠨ ᠢ ᠬᠠᠶᠢᠷ᠎ᠠ ᠬᠠᠯᠠᠮᠵᠢ ᠪᠠᠷ ᠪᠢᠯᠬᠠᠭᠤᠯᠵᠤ᠂ ᠠᠮᠢᠳᠤᠷᠠᠯ ᠢ ᠵᠣᠯ ᠵᠢᠷᠭᠠᠯ ᠲᠠᠢ ᠪᠣᠯᠭᠠᠬᠤ ᠬᠡᠷᠡᠭᠲᠡᠢ︾ ᠭᠡᠵᠡᠢ᠃ ᠪᠠᠶᠠᠨ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠮᠠ ᠢᠦᠢ ᠰᠢᠤᠸᠠᠨ ᠬᠡᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠳᠠᠭᠤᠷᠢᠶᠠᠮᠠᠯ ᠬᠤᠣᠷᠲᠤ ᠡᠳ᠋ ᠤᠨ ᠦᠵᠡᠭᠦᠯᠭᠡ ᠶᠢᠨ ᠲᠣᠭᠤᠷᠢᠭ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠮᠪᠠᠷ᠎ᠠ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠯᠠᠪᠯᠠᠭ᠎ᠠ ᠶᠢᠨ ᠲᠠᠪᠴᠠᠩ ᠭᠠᠷᠭᠠᠵᠤ᠂ ᠳᠠᠭᠤᠷᠢᠶᠠᠮᠠᠯ ᠬᠤᠣᠷᠲᠤ ᠡᠳ᠋ ᠢ ᠠᠰᠢᠭᠯᠠᠨ ᠣᠯᠠᠨ ᠲᠦᠮᠡᠨ ᠳᠤ ᠬᠤᠣᠷᠲᠤ ᠡᠳ᠋ ᠤᠨ ᠬᠤᠣᠷ ᠬᠥᠨᠥᠭᠡᠯ ᠢ ᠤᠬᠠᠭᠤᠯᠵᠤ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠬᠤᠣᠷᠲᠤ ᠡᠳ᠋ ᠢ ᠴᠠᠭᠠᠵᠠᠯᠠᠬᠤ ᠤᠷᠢᠶ᠎ᠠ ᠯᠣᠽᠦ᠋ᠩ ᠡᠯᠭᠦᠬᠦ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠵᠢᠷᠤᠭ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠣᠷᠲᠤ ᠡᠳ᠋ ᠢ ᠴᠠᠭᠠᠵᠠᠯᠠᠬᠤ ᠲᠠᠯ᠎ᠠ ᠶᠢᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠵᠠᠢ᠃ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠬᠤᠣᠷ ᠴᠠᠭᠠᠵᠠᠯᠠᠬᠤ᠂ ᠬᠤᠣᠷ ᠰᠡᠷᠭᠡᠶᠢᠯᠡᠬᠦ ᠦᠵᠡᠯ ᠤᠬᠠᠮᠰᠠᠷ ᠪᠣᠯᠤᠨ ᠴᠢᠳᠠᠪᠤᠷᠢ ᠶᠢ ᠦᠨᠡᠨᠬᠦ ᠨᠡᠮᠡᠭᠳᠡᠭᠦᠯᠵᠦ᠂ ᠬᠤᠣᠷᠠᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠢ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 35 ᠳᠡᠯᠭᠡᠨ ᠦᠵᠡᠭᠦᠯᠬᠦ ᠰᠠᠮᠪᠠᠷ᠎ᠠ ᠶᠢ ᠳᠡᠯᠭᠡᠨ ᠦᠵᠡᠭᠦᠯᠵᠦ᠂ 13 ᠵᠤᠷᠪᠤᠰ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠡᠯᠭᠦᠵᠦ᠂ 5800 ᠭᠠᠷᠤᠢ ᠬᠤᠪᠢ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠳ ᠰᠠᠶᠢᠨ ᠳᠤᠷ᠎ᠠ ᠠᠴᠠ ᠪᠠᠨ ︽ᠵᠠᠯᠠᠭᠤᠴᠤᠳ ᠪᠠᠭᠠᠴᠤᠳ ᠤᠨ ᠰᠢᠨ᠎ᠡ ᠴᠠᠭ ᠦᠶ᠎ᠡ ᠶᠢᠨ ᠬᠤᠣᠷᠲᠤ ᠡᠳ᠋ ᠦᠭᠡᠢ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠬᠤ ᠶᠢ ᠰᠡᠷᠭᠡᠶᠢᠯᠡᠬᠦ︾ ᠲᠣᠮᠣ ᠬᠡᠯᠪᠡᠷᠢ ᠶᠢᠨ ᠬᠥᠨᠳᠡᠯᠡᠨ ᠪᠢᠴᠢᠭᠡᠰᠦ ᠳᠡᠭᠡᠷ᠎ᠡ ᠥᠪᠡᠷ ᠤᠨ ᠨᠡᠷ᠎ᠡ ᠪᠠᠨ ᠭᠠᠷ ᠤᠨ ᠦᠰᠦᠭ ᠵᠢᠷᠤᠵᠤ᠂ ᠣᠯᠠᠨ ᠲᠦᠮᠡᠨ ᠤ ᠬᠤᠣᠷᠲᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠢ ᠣᠷᠣᠯᠴᠠᠬᠤ᠂ ᠪᠦᠬᠦ ᠨᠡᠶᠢᠭᠡᠮ ᠢᠶᠠᠷ ᠢᠶᠠᠨ ᠬᠤᠣᠷᠲᠤ ᠡᠳ᠋ ᠤᠨ ᠬᠠᠯᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠬᠦ ᠡᠷᠡᠰ ᠵᠣᠷᠢᠭ ᠢ ᠢᠯᠡᠷᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号