ᠲᠥᠪ ᠤᠨ ᠰᠣᠷᠪᠣᠯᠵᠢᠯᠠᠭᠴᠢᠳ ᠤᠨ ᠪᠦᠯᠬᠦᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠢ ᠰᠣᠨᠢᠷᠬᠠᠨ ᠦᠵᠡᠪᠡ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 25 ᠤ ᠡᠳᠦᠷ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠭᠤᠸᠠᠩ ᠮᠢᠩ ᠡᠳᠦᠷ ᠤᠨ ᠰᠣᠨᠢᠨ ᠤ ᠬᠤᠷᠢᠶ᠎ᠠ᠂ ᠠᠵᠤ ᠠᠬᠤᠢ ᠶᠢᠨ ᠡᠳᠦᠷ ᠤᠨ ᠰᠣᠨᠢᠨ ᠤ ᠬᠤᠷᠢᠶ᠎ᠠ᠂ ᠲᠠᠷᠢᠶᠠᠴᠢᠳ ᠤᠨ ᠡᠳᠦᠷ ᠤᠨ ᠰᠣᠨᠢᠨ ᠤ ᠬᠤᠷᠢᠶ᠎ᠠ ᠵᠡᠷᠭᠡ ᠲᠥᠪ ᠤᠨ ᠪᠠ ᠣᠷᠣᠨ ᠨᠤᠲᠤᠭ ᠤᠨ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ᠂ ᠬᠡᠰᠡᠭ ᠠᠵᠢᠯ ᠲᠥᠷᠥᠯ ᠤᠨ ᠲᠥᠷᠥᠯ ᠤᠨ ᠵᠠᠭᠤᠴᠢᠯᠠᠭᠤᠷ ᠤᠨ ᠨᠠᠶᠢᠷᠠᠭᠤᠯᠤᠭᠴᠢ ᠰᠤᠷᠪᠤᠯᠵᠢᠯᠠᠭᠴᠢ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ︽ᠬᠠᠮᠲᠤ ᠶᠢᠨ ᠴᠣᠭᠴᠠ ᠶᠢᠨ ᠪᠠᠲᠤ ᠪᠠᠬᠢ ᠨᠢᠭᠡ ᠭᠡᠷ ᠤᠨ ᠬᠥᠮᠦᠨ ᠮᠡᠲᠦ ᠳᠣᠲᠣᠨᠣ︾ ᠭᠡᠬᠦ ᠭᠤᠣᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃    ᠰᠤᠷᠪᠤᠯᠵᠢᠯᠠᠬᠤ ᠪᠦᠯᠬᠦᠮ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠥᠪ ᠤᠨ ᠤᠬᠠᠭᠤᠯᠬᠤ ᠬᠡᠯᠲᠡᠰ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠲᠡᠳᠬᠦᠵᠦ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ ᠂ ᠵᠢᠭᠤᠯᠴᠢᠯᠠᠯ ᠢ ᠬᠥᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠢ ᠦᠨᠳᠦᠰᠦᠯᠡᠨ᠂ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠵᠦ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠪᠠ ᠲᠥᠪ ᠤᠨ ᠤᠬᠠᠭᠤᠯᠬᠤ ᠬᠡᠯᠲᠡᠰ ᠤᠨ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠲᠤᠷᠰᠢᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠢ ᠣᠶᠢᠯᠠᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠭᠦᠨᠵᠡᠭᠡᠢ ᠣᠶᠢᠯᠠᠭᠠᠪᠠ᠃    ᠲᠠᠷᠢᠶᠠᠴᠢᠨ ᠤ ᠡᠳᠦᠷ ᠤᠨ ᠰᠣᠨᠢᠨ ᠤ ᠴᠢᠬᠤᠯᠠ ᠮᠡᠳᠡᠭᠡᠨ ᠤ ᠨᠠᠶᠢᠷᠠᠭᠤᠯᠭ᠎ᠠ ᠶᠢᠨ ᠥᠷᠲᠡᠭᠡᠨ ᠤ ᠰᠤᠷᠪᠤᠯᠵᠢᠯᠠᠭᠴᠢ ᠵᠤ᠋ ᠢ ᠮᠢᠩ᠄ ︽ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠲᠤᠬᠠᠢ ᠣᠶᠢᠯᠠᠭᠠᠯᠲᠠ ᠪᠠᠷ ᠳᠠᠮᠵᠢᠨ᠂ ᠪᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠪᠠ᠃ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠦᠢᠯᠡᠳᠪᠦᠷᠢᠯᠡᠬᠦ᠂ ᠪᠣᠷᠣᠯᠠᠭᠤᠯᠬᠤ᠂ ᠬᠦᠢᠳᠡᠨ ᠬᠡᠯᠬᠢᠶᠡᠲᠦ ᠬᠠᠳᠠᠭᠠᠯᠠᠯᠲᠠ ᠶᠢᠨ ᠡᠯ᠎ᠡ ᠭᠤᠭᠴᠤᠭ᠎ᠠ ᠠᠴᠠ ᠡᠷᠭᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠡᠷᠭᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠮᠠᠰᠢ ᠶᠡᠭᠡ ᠳᠡᠭᠡᠭᠰᠢᠯᠡᠭᠦᠯᠪᠡ᠃ ᠡᠭᠦᠨ ᠤ ᠬᠠᠮᠲᠤ ᠠᠵᠤ ᠦᠢᠯᠡᠰ ᠤᠨ ᠬᠡᠪᠴᠢᠶ᠎ᠡ ᠶᠢ ᠬᠠᠷᠢᠴᠠᠭᠤᠯᠬᠤ ᠨᠡᠯᠢᠶᠡᠳ ᠶᠡᠭᠡ ᠪᠣᠯᠬᠤᠷ ᠪᠠᠰᠠ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠯᠲᠠ ᠶᠢ ᠳᠠᠶᠢᠴᠢᠯᠠᠵᠤ᠂ ᠲᠡᠳᠡᠨ ᠤ ᠣᠷᠣᠯᠭ᠎ᠠ ᠶᠢ ᠴᠦ ᠳᠡᠭᠡᠭᠰᠢᠯᠡᠭᠦᠯᠪᠡ᠂ ᠡᠨᠡ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠬᠠᠮᠤᠭ ᠤᠨ ᠠᠮᠢᠳᠤᠯᠢᠭ ᠦᠢᠯᠡᠳᠦᠯᠭᠡ ᠮᠥᠨ︾ ᠭᠡᠵᠡᠢ᠃    ︽ᠬᠠᠲᠠᠪᠴᠢ ᠭᠠᠴᠠᠭ᠎ᠠ ᠳᠤ᠂ ᠪᠢ ᠲᠣᠰᠬᠤᠨ ᠳᠤ ᠰᠠᠭᠤᠬᠤ ᠪᠠᠷ ᠢᠷᠡᠭᠰᠡᠨ ᠲᠥᠪ ᠤᠨ ᠤᠬᠠᠭᠤᠯᠬᠤ ᠬᠡᠯᠲᠡᠰ ᠤᠨ ᠦᠨᠳᠦᠰᠦᠲᠡᠨ ᠨᠦᠭᠦᠳ ᠤᠨ ᠵᠠᠯᠠᠭᠤ ᠺᠠᠳ᠋ᠷᠴᠤᠳ ᠲᠤ᠂ ᠲᠡᠳᠡ ᠠᠳᠡ ᠬᠠᠶᠢᠷ᠎ᠠ ᠰᠡᠳᠬᠢᠯᠭᠡ ᠪᠢᠯᠬᠠᠵᠤ᠂ ᠠᠳᠡ ᠲᠡᠳᠡᠨ ᠤ ᠬᠦᠴᠦ ᠬᠥᠯᠥᠰᠥ ᠪᠠᠨ ᠤᠷᠤᠰᠬᠠᠵᠤ᠂ ᠲᠣᠰᠬᠤᠨ ᠤ ᠠᠷᠠᠳ ᠲᠠᠢ ᠪᠠᠰᠠ ᠮᠠᠰᠢ ᠢᠲᠡᠭᠡᠯ ᠲᠠᠢ ᠪᠠᠶᠢᠨ᠎ᠠ᠃ ᠣᠷᠣᠵᠤ ᠢᠷᠡᠭᠰᠡᠨ ᠤ ᠳᠠᠷᠠᠭ᠎ᠠ ᠲᠣᠰᠬᠤᠨ ᠤ ᠰᠤᠷᠲᠠᠯ ᠮᠠᠰᠢ ᠪᠣᠯᠪᠠᠰᠤᠨ᠂ ᠲᠣᠰᠬᠤᠨ ᠤ ᠳᠦᠷᠰᠦ ᠪᠠᠶᠢᠳᠠᠯ ᠴᠤ ᠮᠠᠰᠢ ᠶᠡᠭᠡ ᠬᠤᠪᠢᠷᠠᠯᠲᠠ ᠲᠠᠢ ᠪᠠᠶᠢᠬᠤ ᠶᠢ ᠣᠯᠵᠤ ᠮᠡᠳᠡᠵᠡᠢ᠂ ᠡᠶᠢᠮᠦ ᠠᠴᠠ ᠮᠢᠨᠦ ᠦᠵᠡᠬᠦ ᠪᠠᠷ ᠡᠯ᠎ᠡ ᠦᠨᠳᠦᠰᠦᠲᠡᠨ ᠢ ᠠᠳᠡ ᠠᠮᠢᠳᠤᠷᠠᠭᠤᠯᠵᠤ᠂ ᠨᠡᠩ ᠵᠣᠯ ᠵᠢᠷᠭᠠᠯ ᠪᠠ ᠪᠦᠯᠬᠦᠮᠳᠡᠯ ᠲᠠᠢ ᠪᠣᠯᠭᠠᠨ᠎ᠠ︾ ᠬᠡᠵᠤ ᠠᠵᠢᠯᠴᠢᠨ ᠤ ᠡᠳᠦᠷ ᠤᠨ ᠰᠣᠨᠢᠨ ᠤ ᠬᠤᠷᠢᠶᠠᠨ ᠤ ᠰᠤᠷᠪᠤᠯᠵᠢᠯᠠᠭᠴᠢ ᠶᠢᠨ ᠬᠡᠯᠲᠡᠰ ᠤᠨ ᠰᠤᠷᠪᠤᠯᠵᠢᠯᠠᠭᠴᠢ ᠵᠠᠩ ᠴᠢᠨ ᠬᠡᠯᠡᠪᠡ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠰᠤᠷᠪᠤᠯᠵᠢᠯᠠᠬᠤ ᠪᠦᠯᠬᠦᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠶᠠᠷ ᠡᠳᠦᠷ ᠤᠨ ᠬᠤᠭᠤᠴᠠᠭ᠎ᠠ ᠲᠠᠢ ᠪᠠᠶᠢᠴᠠᠭᠠᠨ ᠰᠤᠳᠤᠯᠤᠯᠲᠠ ᠬᠢᠵᠦ᠂ ᠡᠨᠡ ᠬᠤᠭᠤᠴᠠᠭᠠᠨ ᠳᠤ ᠰᠤᠷᠪᠤᠯᠵᠢᠯᠠᠬᠤ ᠪᠦᠯᠬᠦᠮ ᠤᠨ ᠰᠤᠷᠪᠤᠯᠵᠢᠯᠠᠭᠴᠢ ᠦᠰᠦᠭ ᠪᠢᠴᠢᠭ ᠪᠠ ᠳᠤᠷᠠᠨᠳᠠᠭᠤᠷ ᠣᠯᠠᠨ ᠬᠠᠷᠠᠭᠠᠰᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠮᠡᠳᠡᠭᠡᠯᠡᠵᠦ᠂ ︽ᠤᠮᠠᠷᠠᠲᠤ ᠶᠢᠨ ᠰᠣᠶᠣᠯ︾ ᠢ ᠶᠡᠭᠡ ᠪᠠᠷ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号