ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
   ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ   ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠴᠢᠩᠭᠠᠳᠬᠠᠪᠠ   ︽ᠰᠤᠪᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠬᠢᠨᠠᠨ ᠵᠥᠪᠯᠡᠵᠦ ᠪᠠᠲᠤᠯᠠᠪᠠ   ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 26 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠰᠠᠷ᠎ᠠ ᠶᠢᠨ 26 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ ︽ᠰᠤᠪᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃   ᠬᠤᠷᠠᠯ ᠠᠴᠠ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶᠢᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠵᠠᠰᠠᠬᠤ ᠶᠢ ᠴᠢᠩᠭᠠᠳᠬᠠᠵᠤ ᠂ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ ᠣᠷᠣᠭᠤᠯᠤᠯᠲᠠ ᠶᠢᠨ ᠬᠡᠷᠡᠭᠯᠡᠭᠡ ᠶᠢ ᠥᠷᠭᠡᠳᠬᠡᠬᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠢ ᠨᠡᠩ ᠰᠠᠶᠢᠲᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃   ᠬᠤᠷᠠᠯ ᠠᠴᠠ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ︽ᠲᠡᠭ ᠪᠣᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠨᠢᠭᠡ ᠯᠡ ᠠᠳᠠᠯᠢ ᠪᠠᠷ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ ᠳᠤ ᠣᠷᠣᠯᠴᠠᠬᠤ ᠶᠢ ᠳᠡᠮᠵᠢᠬᠦ ᠬᠡᠷᠡᠭᠲᠡᠢ᠃ ᠪᠡᠯᠡ ᠣᠷᠣᠭᠤᠯᠤᠯᠲᠠ ᠶᠢ ᠳᠥᠭᠦᠮᠴᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠶᠢ ᠪᠠᠲᠤᠯᠠᠬᠤ ᠰᠡᠯᠪᠢᠨ ᠵᠠᠰᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠳᠤᠮᠳᠠᠳᠤ ᠤᠯᠤᠰ ᠲᠤ ᠪᠡᠯᠡ ᠣᠷᠣᠭᠤᠯᠬᠤ︾ ᠲᠦᠷᠦᠯ ᠲᠡᠮᠳᠡᠭ ᠢ ᠪᠣᠢ ᠪᠣᠯᠭᠠᠵᠤ᠂ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠲᠤ ᠵᠠᠰᠠᠪᠤᠷᠢ ᠣᠷᠣᠭᠤᠯᠤᠨ ᠨᠡᠶᠢᠲᠡᠯᠡᠵᠦ᠂ ᠭᠠᠳᠠᠭᠠᠳᠤ ᠶᠢᠨ ᠬᠠᠷᠢᠶᠠᠲᠤ ᠬᠥᠮᠦᠰ ᠤᠨ ᠠᠵᠢᠯ ᠳᠤ ᠳᠥᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃   ᠬᠤᠷᠠᠯ ᠠᠴᠠ᠂ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠨᠢ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠨᠡᠩ ᠣᠯᠠᠨ ᠬᠥᠮᠦᠵᠢᠭᠦᠯᠬᠦ ᠬᠡᠷᠡᠭᠲᠡᠢ᠃ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠯ ᠤᠨ ᠨᠥᠬᠦᠪᠥᠷᠢ ᠵᠡᠷᠭᠡ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠠᠵᠢᠯ ᠣᠯᠭᠤᠬᠤ ᠦᠢᠯᠡᠴᠢᠯᠡᠭᠡ ᠪᠠᠨ ᠴᠢᠩᠭᠠᠳᠬᠠᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠪᠠ ᠠᠵᠢᠯ ᠤᠨ ᠪᠠᠶᠢᠷᠢ ᠳᠤ ᠵᠣᠬᠢᠴᠠᠬᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠪᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠥ᠂ ᠣᠷᠣᠨ ᠲᠤᠭ᠎ᠠ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠭᠤᠬᠤ ᠶᠢ ᠨᠠᠶᠢᠳᠠᠪᠤᠷᠢᠵᠢᠭᠤᠯᠵᠤ᠂ ᠨᠡᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠵᠤ ᠠᠰᠠᠷᠠᠨ ᠰᠤᠪᠢᠯᠠᠬᠤ ᠠᠵᠢᠯ ᠬᠢᠯᠭᠡᠬᠦ ᠬᠡᠷᠡᠭᠲᠡᠢ᠃   ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠦᠷᠢᠮ ᠤᠨ ᠲᠠᠶᠢᠯᠤᠮᠵᠢ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号