ᠳᠥᠷᠥᠯᠵᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
   2024 ᠣᠨ ᠤ 6 ᠰᠠᠷ᠎ᠠ ᠶᠢᠨ 24 ᠤ ᠡᠳᠦᠷ᠂ ᠳᠥᠷᠥᠯᠵᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠦ᠋ ᠹᠦ᠋ ᠬᠦᠢ ᠡᠷᠬᠢᠯᠡᠵᠦ᠂ ᠬᠠᠮᠢᠶ᠎ᠠ ᠪᠦᠬᠦᠢ ᠥᠷᠲᠡᠭᠡ ᠶᠢᠨ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ᠨᠢᠭᠡ ᠳᠤ᠂ ᠪᠦᠬᠦ ᠣᠷᠣᠨ ᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠭᠰᠡᠨ ᠪᠠᠶᠢᠳᠠᠯ ᠪᠠ ᠤᠯᠤᠰ ᠤᠨ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮᠵᠢᠯᠠᠪᠠ᠃ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠭᠤᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠪᠠᠶᠢᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠢᠭᠡᠳ ᠨᠢᠭᠡ ᠪᠠᠷ ᠶᠠᠷᠢᠯᠴᠠᠨ ᠲᠣᠭᠲᠠᠭᠠᠨ᠎ᠠ᠃ ᠭᠤᠷᠪᠠ ᠳᠤ᠂ ᠬᠤᠯᠪᠣᠭᠳᠠᠬᠤ ᠦᠷᠳᠡᠭᠡ ᠠᠯᠪᠠᠨ ᠭᠡᠷ ᠬᠠᠮᠢᠶ᠎ᠠ ᠪᠦᠬᠦᠢ ᠠᠰᠠᠭᠤᠳᠠᠯ ᠢ ᠦᠳᠲᠡᠷ ᠲᠦᠷᠭᠡᠨ ᠲᠠᠨᠢᠵᠤ ᠠᠪᠴᠤ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠨ᠎ᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠴᠠᠭ ᠲᠤᠬᠠᠢ ᠳᠤᠨᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号