ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠩ ᠤᠨ ᠠᠵᠢᠯ ᠤᠨ ᠵᠥᠪᠯᠡᠯ ᠤᠨ ᠱᠦᠵᠢ᠂ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠠᠷᠤᠭ᠎ᠠ ᠫᠧᠩ ᠯᠢ ᠹᠧᠩ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/28
    6 ᠰᠠᠷ᠎ᠠ ᠶᠢᠨ 26 ᠤ ᠡᠳᠦᠷ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠠᠵᠤ ᠠᠬᠤᠢ ᠶᠢᠨ ᠠᠵᠢᠯ ᠤᠨ ᠵᠥᠪᠯᠡᠯ ᠤᠨ ᠱᠦᠵᠢ᠂ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠳᠠᠷᠤᠭ᠎ᠠ ᠫᠧᠩ ᠯᠢ ᠹᠧᠩ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠠᠷᠠᠳᠤᠪᠤ ᠲᠠᠷᠢᠶᠠᠨ ᠭᠠᠵᠠᠷ ᠤᠨ ᠶᠡᠷᠦᠩᠬᠡᠢ ᠴᠣᠭᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠵᠦᠩ ᠨᠦᠩ ᠬᠢᠩᠭᠠᠨ ᠡᠭᠦᠯᠳᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠠᠷᠭ᠎ᠠ ᠬᠡᠯᠪᠡᠷᠢ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠠᠵᠤ ᠠᠬᠤᠶᠢᠯᠠᠯ ᠤᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠠᠪᠴᠢᠷᠠᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠦᠨᠡᠨᠬᠦ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠠᠮᠵᠢᠯᠴᠠᠨ ᠬᠠᠮᠲᠤᠪᠠᠷ ᠪᠠᠶᠢᠭᠤᠯᠬᠤ ᠪᠣᠯ ᠵᠥᠪᠬᠡᠨ ᠠᠵᠤ ᠠᠬᠤᠢ ᠶᠢᠨ ᠲᠠᠯ᠎ᠠ ᠪᠠᠷ ᠬᠢ ᠳᠡᠮᠵᠢᠯᠭᠡ᠂ ᠠᠵᠢᠯ ᠤᠨ ᠲᠠᠯ᠎ᠠ ᠪᠠᠷ ᠬᠢ ᠰᠤᠷᠤᠯᠴᠠᠯᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠰᠣᠯᠢᠯᠴᠠᠭ᠎ᠠ ᠪᠣᠯᠤᠨ᠎ᠠ᠂ ᠳᠠᠷᠠᠭᠠᠴᠢ ᠶᠢᠨ ᠬᠠᠪᠰᠤᠷᠤᠨ ᠲᠡᠳᠬᠦᠬᠦ ᠠᠵᠢᠯ ᠤᠨ ᠳᠤᠮᠳᠠ ᠦᠷᠭᠦᠯᠵᠢᠯᠡᠨ ᠠᠵᠢᠯ ᠣᠯᠭᠤᠯᠲᠠ᠂ ᠪᠣᠯᠪᠠᠰᠤᠷᠠᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠤ ᠬᠤᠷᠰᠢᠯᠴᠠᠭ᠎ᠠ ᠶᠢ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠥᠨᠳᠥᠷ ᠪᠦᠲᠦᠮᠵᠢᠲᠡᠢ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠰᠦᠪᠡᠭᠴᠢᠯᠡᠨ᠎ᠡ ᠭᠡᠪᠡ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠬᠤᠶᠠᠷ ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠬᠤᠶᠠᠷ ᠭᠠᠵᠠᠷ ᠤᠨ ᠣᠯᠠᠨ ᠳᠡᠰ ᠳᠠᠪᠬᠤᠷᠭ᠎ᠠ᠂ ᠣᠯᠠᠨ ᠲᠠᠯ᠎ᠠ᠂ ᠣᠯᠠᠨ ᠠᠷᠭ᠎ᠠ ᠵᠠᠮ ᠤᠨ ᠠᠵᠢᠯ ᠤᠨ ᠵᠣᠯᠭᠠᠯᠴᠠᠭ᠎ᠠ ᠪᠠ ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠵᠤ᠂ ᠬᠠᠪᠰᠤᠷᠤᠨ ᠲᠡᠳᠬᠦᠬᠦ ᠶᠢ ᠦᠨᠡᠨ ᠪᠣᠳᠠᠲᠠᠢ ᠬᠥᠭᠵᠢᠯᠲᠡ ᠶᠢᠨ ᠠᠵᠠ ᠲᠣᠬᠢᠶᠠᠯ ᠪᠠ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠯᠠᠪᠳᠠᠭᠤᠨ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠦᠷ ᠴᠠᠭ ᠤᠨ ᠺᠠᠳ᠋ᠷ ᠤᠨ ᠪᠦᠯᠬᠦᠮ ᠤᠨ ᠳᠠᠭᠠᠭᠤᠯᠤᠭᠴᠢ᠂ ᠲᠦᠷ ᠴᠠᠭ ᠤᠨ ᠨᠠᠮ ᠤᠨ ᠬᠤᠷᠢᠶᠠᠨ ᠤ ᠱᠦᠵᠢ ᠭᠧ ᠵᠢᠶᠦ᠋ᠨ ᠺᠠᠢ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠧᠩ ᠠᠢ ᠰᠢᠶᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠲᠤᠤ᠂ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠪᠠᠭᠠᠲᠤᠷ᠂ ᠮᠧᠨ ᠴᠤᠸᠠᠨ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号