ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/6/28
   ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 6 ᠰᠠᠷ᠎ᠠ ᠶᠢᠨ 27 ᠤ ᠦᠳᠡ ᠶᠢᠨ ᠬᠤᠶᠢᠨ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠠᠳᠠᠯᠢ ᠴᠢᠭᠯᠡᠯ ᠢᠶᠠᠷ ᠬᠦᠴᠦᠯᠡᠨ ᠶᠡᠷᠦᠩᠬᠡᠶᠢᠯᠡᠨ ᠬᠦᠴᠦᠯᠡᠬᠦ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠷᠬᠡᠪᠰᠢ ᠨᠠᠮ ᠤᠨ ᠲᠥᠪ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠠᠭᠤᠯᠭ᠎ᠠ ᠶᠢ ᠪᠦᠬᠦᠨ ᠢ ᠬᠠᠮᠤᠷᠬᠤ᠂ ᠡᠲᠡᠭᠡᠳ ᠪᠦᠬᠦᠨ ᠢ ᠬᠠᠮᠤᠷᠬᠤ᠂ ᠬᠠᠷᠢᠭᠤᠴᠠᠯᠭ᠎ᠠ ᠪᠦᠬᠦ ᠬᠡᠯᠬᠢᠶ᠎ᠡ᠂ ᠳᠦᠷᠢᠮ ᠢ ᠪᠦᠷᠢᠨ ᠨᠡᠪᠲᠡᠷᠡᠭᠦᠯᠬᠦ ᠶᠢ ᠠᠬᠢᠭᠤᠯᠵᠤ᠂ ᠡᠯᠧᠮᠧᠨ᠋ᠲ ᠪᠦᠷᠢᠨ ᠲᠡᠭᠦᠯᠳᠡᠷ᠂ ᠴᠢᠳᠠᠮᠵᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠢ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠬᠦ ᠬᠡᠷᠡᠭᠲᠡᠢ᠃    ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠷᠢᠨ ᠪᠢᠴᠢᠭ ᠤᠨ ᠳᠠᠷᠤᠭ᠎ᠠ ᠵᠠᠩ ᠵᠢᠩ ᠬᠣ᠋ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃    ᠰᠢ ᠶᠢᠨ ᠫᠢᠩ ᠲᠠᠶᠢᠯᠤᠮᠵᠢ ᠬᠢᠭᠰᠡᠨ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ᠂ ᠪᠠᠰᠠ ᠬᠡᠳᠦᠨ ᠡᠳᠦᠷ ᠥᠩᠭᠡᠷᠡᠪᠡᠯ ᠳᠠᠷᠤᠢ ᠮᠠᠨ ᠤ ᠨᠠᠮ ᠤᠨ 103 ᠵᠢᠯ ᠤᠨ ᠣᠢ ᠪᠣᠯᠤᠨ᠎ᠠ᠂ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠦ ᠢᠯᠡᠳᠬᠡᠪᠡ᠃   ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠢ ᠣᠯᠠᠨ ᠣᠨᠣᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠶᠡᠭᠡ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠪᠠᠶᠢᠳᠠᠯ ᠢ ᠨᠡᠭᠡᠭᠡᠪᠡ᠃ ᠡᠭᠦᠨ ᠤ ᠬᠠᠮᠲᠤ᠂ ᠨᠠᠮ ᠳᠤ ᠲᠤᠯᠭᠠᠷᠠᠵᠤ ᠪᠠᠶᠢᠭ᠎ᠠ ︽ᠳᠥᠷᠪᠡᠨ ᠶᠡᠭᠡ ᠰᠢᠯᠭᠠᠯᠲᠠ︾᠂ ︽ᠳᠥᠷᠪᠡᠨ ᠵᠦᠢᠯ ᠤᠨ ᠠᠶᠤᠯ ᠲᠦᠭᠰᠢᠭᠦᠷᠢ︾ ᠤᠷᠲᠤ ᠬᠤᠭᠤᠴᠠᠭ᠎ᠠ ᠪᠠᠷ ᠣᠷᠣᠰᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠡᠭᠦᠷᠢᠳᠡ ᠵᠤᠬᠰᠤᠰᠢ ᠦᠭᠡᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠦᠬᠦ ᠨᠠᠮ ᠢᠶᠠᠷ ᠢᠶᠠᠨ ᠡᠷᠬᠡᠪᠰᠢ ︽ᠰᠢᠯᠭᠠᠯᠲᠠ ᠳᠤ ᠣᠷᠣᠯᠴᠠᠬᠤ︾ ᠰᠡᠷᠭᠡᠭ ᠪᠥᠭᠡᠳ ᠡᠷᠡᠰ ᠪᠠᠲᠤ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃   ᠰᠢ ᠶᠢᠨ ᠫᠢᠩ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠠᠲᠤᠯᠠᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠶᠢᠭᠤᠯᠤᠯ ᠪᠠ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠲᠤᠰ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠶᠢ ᠰᠠᠶᠢᠲᠤᠷ ᠠᠳᠬᠤᠬᠤ᠂ ᠦᠨᠳᠦᠰᠦᠨ ᠱᠠᠲᠤ ᠶᠢ ᠶᠡᠬᠡᠪᠡᠷ ᠠᠳᠬᠤᠵᠤ ᠰᠠᠭᠤᠷᠢ ᠶᠢ ᠴᠢᠩᠭᠠᠳᠬᠠᠬᠤ ᠠᠵᠢᠯ ᠤᠨ ᠪᠠᠶᠢᠷᠢᠰᠢᠯ ᠢ ᠪᠣᠢ ᠪᠣᠯᠭᠠᠵᠤ᠂ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠪᠠᠲᠤ ᠴᠢᠩᠭ᠎ᠠ ᠪᠠᠶᠢᠬᠤ ᠶᠢ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠶᠡᠬᠡᠪᠡᠷ ᠠᠬᠢᠭᠤᠯᠵᠤ᠂ ᠳᠣᠷᠣᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠤᠭᠰᠠᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠦᠪᠡᠭᠴᠢᠯᠡᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠ ᠠᠵᠢᠯᠯᠠᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠢᠨᠲ᠋ᠧᠷ ᠰᠦᠯᠵᠢᠶᠡᠨ ᠤ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠤᠨ ᠰᠦᠯᠵᠢᠶᠡᠨ ᠭᠠᠳᠠᠨᠠᠬᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃    ᠰᠢ ᠶᠢᠨ ᠫᠢᠩ᠂ ᠦᠨᠳᠦᠰᠦ ᠰᠠᠭᠤᠷᠢ ᠪᠠᠨ ᠪᠠᠲᠤᠳᠬᠠᠵᠤ ᠰᠦᠭ ᠰᠦᠨᠡᠰᠦ ᠪᠠᠨ ᠴᠣᠭᠴᠠᠯᠠᠬᠤ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ᠃ ᠪᠠᠶᠢᠩᠭᠤ ᠶᠢᠨ ᠴᠢᠨᠠᠷᠲᠠᠢ ᠬᠥᠮᠦᠵᠢᠯ ᠪᠠ ᠲᠥᠪᠯᠡᠷᠡᠯ ᠤᠨ ᠴᠢᠨᠠᠷᠲᠠᠢ ᠬᠥᠮᠦᠵᠢᠯ᠂ ᠣᠨᠣᠯ ᠢᠶᠠᠷ ᠵᠡᠪᠰᠡᠭᠯᠡᠬᠦ ᠪᠠ ᠦᠢᠯᠡᠳᠦᠯᠭᠡ ᠶᠢᠨ ᠬᠡᠷᠡᠭᠯᠡᠯᠲᠡ᠂ ᠨᠠᠮᠴᠢ ᠴᠢᠨᠠᠷ ᠢ ᠴᠢᠩᠭᠠᠳᠬᠠᠬᠤ ᠪᠠ ᠴᠢᠳᠠᠪᠤᠷᠢ ᠪᠠᠨ ᠨᠡᠮᠡᠭᠳᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮᠴᠢ ᠴᠢᠨᠠᠷ ᠢ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠰᠤᠷᠲᠠᠯ ᠢ ᠳᠠᠪᠲᠠᠨ ᠪᠣᠯᠪᠠᠰᠤᠷᠠᠭᠤᠯᠬᠤ ᠶᠢ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠳᠠᠳᠬᠠᠯ ᠪᠣᠯᠭᠠᠨ ᠬᠤᠪᠢᠷᠠᠭᠤᠯᠬᠤ ᠬᠡᠷᠡᠭᠲᠡᠢ᠃   ᠰᠢ ᠶᠢᠨ ᠫᠢᠩ᠂ ᠣᠨᠢᠨ ᠳᠡᠭᠡᠷ᠎ᠡ ᠨᠢ ᠬᠦᠴᠦᠯᠡᠬᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠡᠷᠬᠡᠪᠰᠢ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠵᠤ᠂ ᠡᠪᠡᠳᠴᠢᠨ ᠢ ᠵᠠᠰᠠᠵᠤ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠲᠣᠭᠲᠠᠴᠠ ᠶᠢ ᠰᠠᠶᠢᠵᠢᠷᠠᠭᠤᠯᠵᠤ᠂ ᠺᠠᠳ᠋ᠷ ᠢ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠠᠵᠢᠯ ᠤᠨ ᠲᠣᠭᠲᠠᠴᠠ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠨᠠᠮ ᠤᠨ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠠ ᠠᠷᠠᠳ ᠲᠦᠮᠡᠨ ᠤ ᠬᠢᠨᠠᠯᠲᠠ ᠲᠠᠯᠪᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠵᠣᠬᠢᠴᠠᠭᠤᠯᠬᠤ ᠶᠢ ᠠᠬᠢᠭᠤᠯᠤᠨ᠂ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠥᠷ ᠲᠠᠢ ᠪᠥᠭᠡᠳ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠲᠥᠷᠥ ᠶᠢᠨ ᠬᠢᠨᠠᠯᠲᠠ ᠲᠠᠯᠪᠢᠬᠤ᠂ ᠤᠳᠤᠷᠢᠳᠬᠤ ᠪᠠᠭ ᠢᠯᠠᠨ᠋ᠬᠤᠶ᠎ᠠ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ᠂ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠲᠤ ᠬᠢᠨᠠᠯᠲᠠ ᠲᠠᠯᠪᠢᠬᠤ ᠵᠢᠴᠢ ᠡᠷᠬᠡ ᠶᠢᠨ ᠲᠥᠪᠯᠡᠷᠡᠯ᠂ ᠪᠡᠯᠡ ᠮᠥᠨ᠋ᠭᠦ ᠬᠤᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠶᠢ ᠬᠦᠴᠦᠯᠡᠨ ᠰᠠᠶᠢᠲᠤᠷ ᠠᠳᠭᠤᠵᠤ᠂ ᠣᠨᠴᠠ ᠡᠷᠬᠡ ᠶᠢᠨ ᠦᠵᠡᠭᠳᠡᠯ ᠪᠠ ᠢᠯᠵᠠᠷᠠᠯ ᠤᠨ ᠠᠰᠠᠭᠤᠳᠠᠯ ᠢ ᠦᠨᠡᠨ ᠬᠦ ᠨᠢᠭᠤᠨ ᠳᠠᠯᠳᠠᠯᠠᠬᠤ ᠦᠭᠡᠢ ᠪᠣᠯᠭᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ᠂ ᠪᠦᠲᠦᠮᠵᠢᠲᠡᠢ ᠪᠥᠭᠡᠳ ᠲᠤᠰᠠᠲᠠᠢ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠡᠷᠬᠡᠪᠰᠢ ᠰᠢᠰᠲ᠋ᠧᠮᠲᠦ ᠬᠤᠷᠠᠮᠳᠤᠯ ᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠴᠡᠭᠡ ᠲᠠᠢ ᠵᠣᠬᠢᠴᠠᠭᠤᠯᠤᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ᠂ ᠳᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠦᠵᠦ ᠲᠥᠯᠥᠪᠯᠡᠭᠡ᠂ ᠣᠷᠬᠢᠭᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠦᠢᠯᠡᠳᠦᠯᠭᠡ ᠶᠢᠨ ᠬᠡᠷᠡᠭᠴᠡᠭᠡ ᠳᠤ ᠬᠠᠨᠳᠤᠭᠤᠯᠤᠨ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳᠦᠷᠢᠮ ᠪᠣᠯᠭᠠᠨ ᠳᠡᠭᠡᠭᠰᠢᠯᠡᠭᠦᠯᠵᠦ᠂ ᠳᠦᠷᠢᠮ ᠤᠨ ᠬᠡᠷᠡᠭᠵᠢᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠠᠤᠯᠢ ᠲᠣᠭᠲᠠᠭᠠᠯ ᠳᠦᠷᠢᠮ ᠤᠨ ᠵᠠᠮ ᠢᠶᠠᠷ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃    ᠰᠢ ᠶᠢᠨ ᠫᠢᠩ᠂ ᠭᠤᠣᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠡᠷᠬᠡᠪᠰᠢ ᠳᠡᠰ ᠳᠠᠪᠬᠤᠷᠭ᠎ᠠ ᠲᠥᠷᠥᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠭᠡᠰᠢᠭᠦᠨ᠂ ᠺᠠᠳ᠋ᠷ ᠤᠨ ᠪᠣᠳᠠᠲᠠᠢ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠨᠠᠷᠢᠯᠢᠭ ᠣᠨᠣᠪᠴᠢᠲᠠᠢ ᠰᠢᠨᠵᠢᠯᠡᠬᠦ ᠤᠬᠠᠭᠠᠨᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠵᠦ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠣᠳᠠᠲᠠᠶᠢᠵᠢᠭᠤᠯᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃    ᠰᠢ ᠶᠢᠨ ᠫᠢᠩ ᠬᠠᠮᠤᠭ ᠤᠨ ᠰᠡᠭᠦᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠥᠬᠦᠳ ᠲᠦᠷᠦᠭᠦᠯᠡᠨ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠨ ᠳᠤ ᠪᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠵᠠᠰᠠᠯᠲᠠ ᠶᠢ ᠰᠠᠶᠢᠲᠤᠷ ᠵᠠᠰᠠᠵᠤ᠂ ᠬᠦᠴᠦᠷᠬᠡᠭ ᠢ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号