2024 ᠤᠨ ᠤ ᠪᠥᠬᠦ ᠣᠷᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠠ
ᠨᠡᠶᠢᠲᠡᠯᠡᠭᠰᠡᠨ ᠴᠠᠭ᠄
2024/6/3
   ᠬᠤᠸᠠᠩ ᡁᠢ ᠴᠢᠶᠠᠩ ᠠᠵᠢᠯᠯᠠᠭ᠎ᠠ ᠳᠤ ᠤᠷᠤᠯᠴᠠᠵᠠᠢ   6 ᠰᠠᠷ᠎ᠠ ᠶᠢᠨ 1 ᠤ ᠦᠳᠡ ᠶᠢᠨ ᠡᠮᠦᠨ᠎ᠡ᠂ ᠪᠥᠬᠦ ᠣᠷᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠤ᠂ ᠲᠤᠰᠬᠠᠶ ᠠᠪᠤᠷᠠᠨ ᠲᠤᠰᠠᠯᠠᠬᠤ ᠡᠩᠨᠡᠭᠡ ᠳᠤ ᠲᠤᠭ ᠭᠠᠷᠳᠠᠭᠤᠯᠪᠠ᠃   ᠬᠤᠸᠠᠩ ᡁᠢ ᠴᠢᠶᠠᠩ᠂ ᠠᠶᠤᠯᠭᠦᠢ ᠦᠢᠯᠡᠳᠪᠦᠷᠢᠯᠡᠯ ᠨᠢ ᠤᠯᠠᠨ ᠲᠦᠮᠡᠨ ᠯᠦᠭᠡ ᠬᠠᠮᠤᠭ ᠤᠨ ᠨᠢᠭᠲᠠ ᠬᠠᠷᠢᠴᠠᠭ᠎ᠠ ᠲᠠᠢ ᠪᠠᠶᠢᠵᠤ᠂ ᠤᠯᠠᠨ ᠲᠦᠮᠡᠨ ᠲᠡᠬᠦᠨ ᠳᠤ ᠬᠠᠮᠤᠭ ᠤᠨ ᠰᠢᠭᠤᠳ ᠲᠦᠷᠦᠭᠳᠡᠯ ᠲᠠᠢ ᠪᠠᠶᠢᠳᠠᠭ᠃ ᠶᠠᠮᠠᠷᠪᠠ ᠦᠶ᠎ᠡ ᠳᠤ ᠴᠦ ᠭᠡᠳ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠢᠢ ᠲᠡᠷᠢᠭᠦᠨ ᠳᠤ ᠲᠠᠯᠪᠢᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠭᠢᠯᠭᠡ ᠪᠠᠷ ᠢᠮᠠᠭᠲᠠ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ  ᠶᠢ ᠰᠡᠷᠭᠡᠶᠢᠯᠡᠨ᠂ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃   ᠤᠯᠠᠨ ᠶᠠᠩᠵᠤ ᠬᠡᠯᠪᠡᠷᠢ ᠪᠠᠷ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠨ᠂ ᠬᠥᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠢᠢ ᠠᠬᠢᠭᠤᠯᠵᠤ᠂ ᠬᠥᠮᠦᠨ ᠨᠢᠭᠡ ᠪᠦᠷᠢ ᠶᠢᠨ ᠪᠠᠭ᠎ᠠ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠪᠠᠷ ᠴᠢᠨᠠᠷ ᠰᠠᠶᠢᠲᠠᠢ ᠬᠥᠭᠵᠢᠯᠲᠡ ᠢᠢ ᠠᠬᠢᠭᠤᠯᠬᠤ ᠶᠡᠭᠡ ᠠᠮᠤᠷ ᠲᠦᠪᠰᠢᠨ ᠢ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃   ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠲᠤᠰᠬᠠᠶ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠥᠬᠦᠶ ᠰᠠᠶᠢᠨ ᠳᠤᠷ᠎ᠠ ᠶᠢᠨ ᠠᠵᠢᠯᠯᠠᠭᠰᠡᠳ ᠪᠠ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号