︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠠ
ᠨᠡᠶᠢᠲᠡᠯᠡᠭᠰᠡᠨ ᠴᠠᠭ᠄
2024/6/3
   ︽ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾   6 ᠰᠠᠷ᠎ᠠ ᠶᠢᠨ 1 ᠤ ᠡᠳᠦᠷ ᠬᠡᠪᠯᠡᠭᠳᠡᠬᠦ 11 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃   ᠵᠣᠬᠢᠶᠠᠯ ᠳᠤ᠂ ᠰᠢᠨ᠎ᠡ ᠴᠠᠭ ᠦᠶ᠎ᠡ ᠳᠤ ᠤᠷᠤᠬᠰᠡᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠬᠦ ᠨᠠᠮ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠤᠯᠵᠤ᠂ ᠴᠢᠨᠠᠷ ᠰᠠᠶᠢᠲᠠᠢ ᠬᠥᠭᠵᠢᠯᠲᠡ ᠨᠢ ᠭᠤᠣᠯ ᠬᠦᠭ ᠠᠶᠠᠰ ᠪᠣᠯᠪᠠ᠃ ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ᠃ ᠪᠢᠳᠡ ᠡᠷᠬᠡᠪᠰᠢ ᠴᠢᠨᠠᠷ ᠰᠠᠶᠢᠲᠠᠶ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠭᠡᠳᠡᠭ ᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠤᠨ ᠥᠨᠳᠥᠷ ᠲᠦᠪᠰᠢᠨ ᠪᠥᠬᠦᠶ ᠨᠡᠭᠡᠭᠡᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠤ ᠴᠢᠬᠤᠯᠠᠴᠢᠯᠠᠪᠠ᠃   ᠵᠣᠬᠢᠶᠠᠯ ᠳᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃ ᠪᠢ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠭᠡᠬᠦ ᠡᠨᠡ ᠬᠦ ᠤᠬᠠᠭᠳᠠᠬᠤᠨ ᠪᠠ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠡᠨᠡ ᠬᠦ ᠴᠢᠬᠤᠯᠠ ᠶᠡᠭᠡ ᠡᠭᠦᠷᠭᠡ ᠶᠢ ᠳᠤᠷᠠᠳᠤᠨ ᠭᠠᠷᠭᠠᠬᠰᠠᠨ ᠤ ᠭᠤᠣᠯ ᠪᠤᠳᠤᠯᠬᠢᠯᠡᠯ ᠪᠤᠯ᠄ ᠦᠢᠯᠡᠳᠪᠦᠷᠢᠯᠡᠯ ᠤᠨ ᠬᠦᠴᠦᠨ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠳᠦᠰᠦᠨ ᠬᠥᠳᠡᠯᠭᠡᠬᠦ ᠬᠦᠴᠦᠨ ᠮᠥᠨ᠂ ᠪᠠᠰᠠ ᠴᠤ ᠠᠯᠢᠪᠠ ᠨᠡᠶᠢᠭᠡᠮ ᠤᠨ ᠬᠤᠪᠢᠰᠤᠯᠲᠠ ᠪᠠ ᠤᠯᠤᠰ ᠲᠦᠷᠦ ᠶᠢᠨ ᠬᠤᠪᠢᠰᠤᠯᠲᠠ ᠶᠢᠨ ᠡᠴᠦᠰ ᠤᠨ ᠰᠢᠯᠲᠠᠭᠠᠨ ᠮᠥᠨ᠃ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠤᠭᠤᠳᠤᠭᠤᠯᠬᠤ ᠶᠢ ᠱᠠᠭᠠᠷᠳᠠᠵᠤ᠂ ᠬᠠᠷᠢᠨ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠨᠢ ᠦᠢᠯᠡᠳᠦᠯᠭᠡ ᠶᠢᠨ ᠳᠤᠮᠳᠠ ᠨᠢᠭᠡᠨᠲᠡ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠬᠢᠭᠤᠯᠬᠤ ᠬᠦᠴᠦᠨ᠂ ᠲᠤᠯᠭᠠᠭᠤᠷᠢᠯᠠᠬᠤ ᠬᠦᠴᠦᠨ ᠢ ᠪᠦᠷᠢᠯᠳᠦᠭᠦᠯᠵᠤ ᠦᠭᠬᠦᠭᠰᠡᠨ ᠪᠥᠭᠡᠳ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ ᠲᠠᠯ᠎ᠠ ᠪᠠᠷ ᠳ᠋ᠦᠩᠨᠡᠵᠦ ᠬᠤᠷᠢᠶᠠᠩᠭᠤᠶᠢᠯᠠᠵᠤ ᠪᠠᠶᠢᠭᠠᠳ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠤᠭᠤᠳᠤᠭᠤᠯᠬᠤ ᠴᠢᠬᠤᠯᠠᠲᠠᠢ ᠶᠤᠮ᠃ ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠦᠵᠡᠭᠦᠯᠵᠤ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠣᠨᠴᠠᠯᠢᠭ ᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠲᠠᠢ ᠪᠠᠶᠢᠳᠠᠯ ᠪᠣᠯᠤᠨ᠎ᠠ᠃ ᠲᠡᠷᠡ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠶ ᠰᠢᠪᠲᠤᠯᠤᠯᠲᠠ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠶ ᠲᠣᠬᠢᠷᠠᠭᠤᠯᠤᠯᠲᠠ᠂ ᠠᠵᠤ ᠦᠢᠯᠡᠰ ᠤᠨ ᠭᠦᠨᠵᠡᠭᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠴᠠ ᠪᠣᠯᠵᠣ ᠪᠣᠶ ᠪᠣᠯᠵᠣ᠂ ᠬᠥᠳᠡᠯᠮᠦᠷᠢᠴᠢᠨ᠂ ᠬᠥᠳᠡᠯᠮᠦᠷᠢ ᠶᠢᠨ ᠬᠡᠷᠡᠭᠰᠡᠯ᠂ ᠬᠥᠳᠡᠯᠮᠦᠷᠢ ᠶᠢᠨ ᠡᠲᠡᠭᠡᠳ ᠵᠢᠴᠢ ᠲᠡᠭᠦᠨ ᠢ ᠰᠢᠯᠢᠳᠡᠭᠵᠢᠭᠦᠯᠦᠨ ᠨᠡᠶᠢᠳᠭᠡᠬᠦ ᠶᠢᠨ ᠦᠰᠦᠷᠦᠯᠲᠡ ᠪᠠᠷ ᠦᠨᠳᠦᠰᠦᠨ ᠠᠭᠤᠯᠤᠭᠳᠠᠬᠤᠨ ᠪᠣᠯᠭᠠᠵᠤ᠂ ᠪᠥᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠬᠦ ᠪᠠᠷ ᠭᠤᠤᠯ ᠪᠡᠯᠭᠡ ᠲᠡᠮᠳᠡᠭ ᠪᠣᠯᠭᠠᠵᠤ᠂ ᠣᠨᠴᠠᠯᠢᠭ ᠨᠢ ᠰᠢᠨ᠎ᠡ ᠶᠢ ᠡᠭᠦᠳᠬᠦ ᠳᠤ ᠪᠠᠶᠢᠵᠤ᠂ ᠵᠠᠩᠭᠢᠯᠠᠭ᠎ᠠ ᠨᠢ ᠴᠢᠨᠠᠷ ᠰᠠᠶᠢᠲᠠᠶ ᠳᠤ ᠪᠠᠶᠢᠵᠤ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠣᠶ ᠭᠡᠵᠤ ᠵᠢᠭᠠᠵᠤ ᠭᠠᠷᠭᠠᠪᠠ᠃   ᠵᠣᠬᠢᠶᠠᠯ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠢᠯᠡᠷᠬᠡᠢ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ᠂ ᠡᠭᠦᠨ ᠳᠤ ᠮᠡᠷᠭᠡᠵᠢᠯ ᠪᠣᠯᠤᠨ ᠡᠵᠡᠩᠨᠡᠯᠲᠡ ᠶᠢᠨ ᠬᠡᠯᠪᠡᠷᠢ ᠶᠢᠨ ᠵᠠᠭᠪᠤᠷ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠪᠥᠭᠡᠳ ᠪᠠᠰᠠ ᠬᠠᠮᠢᠶᠠᠷᠤᠯᠲᠠ ᠪᠣᠯᠤᠨ ᠲᠦᠷᠢᠮ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠨ᠎ᠠ᠃ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡᠳᠦᠭᠡᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ ᠭᠡᠷᠡᠭᠳᠠᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠭᠤᠣᠯᠳᠠᠭᠤ ᠮᠡᠷᠭᠡᠵᠢᠯ ᠤᠨ ᠬᠤᠪᠢᠰᠬᠠᠯᠲᠤ ᠴᠢᠨᠠᠷᠲᠠᠶ ᠰᠢᠪᠲᠤᠯᠤᠯᠲᠠ ᠠᠴᠠ ᠪᠤᠢ ᠪᠣᠯᠤᠭᠰᠠᠨ ᠶᠤᠮ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠣᠯᠭᠠᠵᠤ ᠴᠢᠳᠠᠬᠤ ᠪᠥᠭᠡᠳ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠯᠠᠬᠤ ᠬᠦᠴᠦᠨ ᠵᠦᠢᠯ ᠮᠥᠨ᠃ ᠡᠨᠡ ᠨᠢ ᠪᠢᠳᠡᠨ ᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠴᠢᠨᠡᠷ ᠤᠨ ᠬᠤᠪᠢᠰᠤᠯᠳᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠨᠳᠤᠤᠰᠢᠭᠤᠯᠬᠤ ᠶᠢᠨ ᠢᠯᠡᠷᠡᠬᠦ ᠬᠡᠯᠪᠡᠷᠢ ᠨᠢ ᠰᠢᠨ᠎ᠡ ᠠᠵᠤ ᠦᠢᠯᠡᠰ ᠢ ᠪᠤᠢ ᠪᠣᠯᠭᠠᠵᠤ᠂ ᠠᠵᠤ ᠦᠢᠯᠡᠰ ᠤᠨ ᠭᠦᠨᠵᠡᠭᠡᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ ᠬᠡᠯᠬᠢᠶ᠎ᠡ ᠳᠤ ᠴᠠᠭ ᠲᠤᠬᠠᠢ ᠳᠤᠨᠢ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠬᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠᠳᠤᠭᠠᠷ ᠲᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠭᠡᠷᠡᠭᠳᠠᠢ᠃ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠲᠠᠪᠢᠰᠭᠡᠷ ᠦᠩᠭᠡ ᠮᠥᠨ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠤ ᠲᠤᠰ ᠪᠡᠶ᠎ᠡ ᠨᠢ ᠳᠠᠷᠤᠢ ᠪᠣᠬᠢᠷᠲᠤᠯ ᠦᠭᠡᠢ ᠦᠢᠯᠡᠳᠪᠦᠷᠢᠯᠡᠯ ᠤᠨ ᠬᠦᠴᠦᠨ ᠮᠥᠨ᠃ ᠡᠷᠬᠡᠪᠰᠢ ᠪᠣᠬᠢᠷᠲᠤᠯ ᠦᠭᠡᠢ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡᠳᠦᠭᠡᠷ ᠲᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ᠃ ᠦᠢᠯᠡᠳᠪᠦᠷᠢᠯᠡᠯ ᠤᠨ ᠬᠠᠷᠢᠴᠠᠭ᠎ᠠ ᠶᠢ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠤᠯᠬᠤ ᠬᠡᠷᠡᠭᠲᠡᠢ᠃ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ ᠵᠣᠬᠢᠴᠠᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠣᠯᠭᠠᠬᠤ ᠬᠡᠷᠡᠭᠲᠡᠢ᠃ ᠲᠠᠪᠤᠳᠤᠭᠠᠷ ᠲᠤ᠂ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠠ ᠶᠢ ᠡᠭᠦᠳᠬᠦ ᠶᠢ ᠭᠦᠨᠵᠡᠭᠡᠶᠢᠷᠡᠭᠦᠯᠬᠦ ᠭᠡᠷᠡᠭᠳᠠᠢ᠃ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠰᠢᠯᠤᠭᠤᠳᠬᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠦᠢ ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号