ᠨᠦᠢᠷ ᠬᠤᠯᠵᠢᠳᠠᠭ ᠬᠥᠮᠥᠰ ᠡᠭᠦᠨ ᠢ ᠦᠵᠡᠭᠡᠷᠡᠢ︕
ᠨᠡᠶᠢᠲᠡᠯᠡᠭᠰᠡᠨ ᠴᠠᠭ᠄
2024/6/4
   ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠨᠦᠢᠷ ᠬᠤᠯᠵᠢᠬᠤ ᠨᠣᠷᠮ᠎ᠠ 38. 2% ᠬᠦᠷᠴᠡᠶ ᠃ ᠨᠦᠢᠷ ᠬᠤᠯᠵᠢᠪᠠᠯ ᠶᠠᠭᠠᠬᠢᠬᠤ ᠪᠤᠢ︖ ᠬᠡᠷᠬᠢᠨ ᠲᠦᠷᠭᠡᠨ ᠤᠨᠲᠠᠬᠤ ᠪᠣᠢ︖ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠳᠡᠳ᠋ ᠡᠷᠬᠢᠯᠡᠭᠴᠢ ᠡᠮᠴᠢ ᠰᠢ ᠰᠢᠨ ᠢᠯᠡᠷᠬᠡᠶᠢᠯᠡᠬᠦ ᠳᠡᠭᠡᠨ᠂ ᠨᠦᠢᠷ ᠬᠤᠯᠵᠢᠬᠤ ᠶᠢ ᠵᠠᠭᠠᠭᠯᠠᠨ ᠲᠣᠭᠲᠠᠭᠠᠬᠤ ᠲᠦᠢᠯ ᠤᠨ ᠴᠢᠩᠭ᠎ᠠ ᠪᠠᠷᠢᠮᠵᠢᠶ᠎ᠠ ᠲᠠᠢ ᠪᠠᠶᠢᠳᠠᠭ᠂ ᠰᠠᠶᠢᠨ ᠰᠠᠶᠢᠬᠠᠨ ᠤᠨᠲᠠᠯᠭ᠎ᠠ ᠶᠢᠨ ᠣᠷᠴᠢᠨ ᠨᠥᠬᠦᠴᠡᠯ ᠲᠠᠢ ᠪᠠᠶᠢᠬᠤ ᠤᠷᠢᠲᠠᠯ ᠲᠤᠤᠷ᠎ᠠ᠂ 30 ᠮᠢᠨᠦ᠋ᠲ ᠦᠩᠭᠡᠷᠡᠳᠡᠯ᠎ᠡ ᠤᠨᠳᠠᠵᠦ ᠲᠡᠶᠢᠯᠬᠦ ᠦᠬᠡᠢ ᠪᠠᠶᠢᠬᠤ᠂ ᠤᠨᠲᠠᠬᠤ ᠨᠢ ᠰᠡᠷᠭᠡᠭ ᠠᠮᠠᠷᠬᠠᠨ ᠰᠡᠷᠢᠬᠦ᠂ ᠤᠨᠲᠠᠬᠤ ᠴᠠᠭ ᠨᠢ ᠣᠬᠤᠷ ᠪᠠᠶᠢᠬᠤ ᠡᠪᠡᠳᠴᠢᠨ ᠤ ᠢᠯᠡᠷᠡᠯ ᠭᠠᠷᠪᠠᠯ ᠰᠠᠶ᠋ᠢ ᠨᠦᠢᠷ ᠬᠤᠯᠵᠢᠭᠰᠠᠨ ᠢᠶᠠᠷ ᠣᠨᠣᠰᠢᠯᠠᠵᠤ ᠪᠤᠯᠤᠨ᠎ᠠ᠃ ᠬᠡᠷᠪᠡ ᠨᠦᠢᠷ ᠬᠤᠯᠵᠢᠬᠤ ᠪᠠᠶᠢᠳᠠᠯ ᠢᠯᠡᠷᠡᠭᠰᠡᠨ ᠪᠣᠯᠪᠠᠴᠤ ᠮᠥᠨ ᠯᠡ ᠣᠷᠣᠨ ᠳᠡᠭᠡᠷ᠎ᠡ ᠪᠠᠨ ᠬᠡᠪᠲᠡᠭᠡᠳ ᠥᠪᠡᠷ ᠢ ᠪᠠᠨ ᠠᠯᠪᠠᠳᠠᠵᠤ ᠪᠠᠶᠢᠭᠠᠳ ᠤᠨᠲᠠᠭᠤᠯᠪᠠᠯ᠂ ᠮᠠᠰᠢ ᠶᠡᠭᠡ ᠳᠠᠷᠤᠯᠲᠠ ᠲᠠᠢ ᠪᠣᠯᠤᠨ᠎ᠠ᠃ ᠡᠩ ᠤᠨ ᠪᠠᠶᠢᠳᠠᠯ ᠳᠤ᠂ ᠬᠡᠷᠪᠡ ᠬᠠᠭᠠᠰ ᠴᠠᠭ ᠢᠯᠡᠭᠦᠦ ᠬᠡᠪᠲᠡᠭᠡᠳ ᠪᠠᠰᠠ ᠤᠨᠲᠠᠵᠤ ᠣᠷᠣᠬᠤ ᠦᠭᠡᠢ ᠪᠣᠯ ᠪᠣᠰᠬᠤ ᠶᠢ ᠰᠠᠨᠠᠭᠤᠯᠤᠶ᠎ᠠ᠃ ᠪᠢᠳᠡ ᠤᠨᠲᠠᠬᠤ ᠪᠠ ᠣᠷᠣ ᠶᠢᠨ ᠬᠤᠭᠤᠷᠣᠨᠳᠣᠬᠢ ᠪᠣᠯᠵᠣᠯᠳᠤ ᠣᠶᠢᠯᠲᠠ ᠶᠢ ᠪᠣᠢ ᠪᠣᠯᠭᠠᠵᠤ᠂ ᠨᠦᠢᠷ ᠬᠦᠷᠬᠦ ᠦᠶ᠎ᠡ ᠳᠤ ᠨᠦᠢᠷᠰᠤᠬᠤ ᠬᠡᠷᠡᠭᠲᠡᠢ᠂ ᠡᠰᠡ ᠲᠡᠭᠡᠪᠡᠯ ᠣᠷᠣᠨ ᠳᠡᠭᠡᠷ᠎ᠡ ᠪᠠᠨ ᠠᠯᠪᠠᠳᠠᠯᠭ᠎ᠠ ᠪᠠᠷ ᠬᠡᠪᠲᠡᠵᠦ ᠪᠣᠯᠬᠤ ᠦᠭᠡᠢ᠂ ᠡᠭᠦᠨ ᠤ ᠬᠠᠮᠲᠤ ᠤᠨᠲᠠᠬᠤ ᠲᠠᠢ ᠬᠠᠮᠢᠶ᠎ᠠ ᠦᠭᠡᠢ ᠶᠠᠪᠤᠳᠠᠯ ᠢ ᠬᠢᠵᠦ ᠪᠣᠯᠬᠤ ᠦᠭᠡᠢ᠂ ᠵᠢᠱᠢᠶᠡᠯᠡᠪᠡᠯ ᠭᠠᠷ ᠤᠲᠠᠰᠤ ᠨᠠᠭᠠᠳᠬᠤ ᠪᠤᠯᠬᠤ ᠦᠬᠡᠢ᠂ ᠶᠠᠭᠤᠮ᠎ᠠ ᠢᠳᠡᠵᠦ ᠪᠣᠯᠬᠤ ᠦᠭᠡᠢ ᠭᠡᠵᠠᠢ᠃ ᠨᠦᠢᠷ ᠬᠤᠯᠵᠢᠬᠤ ᠦᠶ᠎ᠡ ᠳᠤ ᠣᠯᠠᠩᠬᠢ ᠬᠥᠮᠦᠰ ᠬᠤᠨᠢ ᠲᠤᠭᠠᠯᠠᠳᠠᠭ᠃ ᠦᠨᠡᠨ ᠳᠡᠭᠡᠨ ᠬᠤᠨᠢ ᠲᠣᠭᠠᠯᠠᠬᠤ ᠨᠢ ᠬᠥᠮᠦᠰ ᠲᠤ ᠤᠯᠠᠮ ᠢᠯᠡᠬᠦᠤ ᠪᠠᠴᠢᠮᠳᠠᠬᠤ ᠰᠡᠳᠬᠢᠯᠭᠡ ᠶᠢ ᠠᠪᠴᠢᠷᠠᠵᠤ᠂ ᠨᠦᠢᠷ ᠬᠤᠯᠵᠢᠬᠤ ᠶᠢ ᠬᠦᠨᠳᠦᠷᠡᠭᠦᠯᠦᠨ᠎ᠡ᠃ ᠰᠢ ᠰᠢᠨ ᠵᠢᠭᠠᠬᠤ ᠳᠠᠭᠠᠨ᠂ ᠬᠠᠶᠠ ᠨᠦᠢᠷ ᠬᠤᠯᠵᠢᠬᠤ ᠨᠢ ᠬᠥᠮᠦᠨ ᠤ ᠪᠡᠶ᠎ᠡ ᠳᠤ ᠲᠡᠶᠢᠮᠦ ᠶᠡᠭᠡ ᠨᠥᠯᠥᠭᠡ ᠪᠣᠯᠬᠤ ᠥᠬᠡᠶ᠂ ᠡᠶᠢᠮᠦ ᠠᠴᠠ ᠰᠠᠨᠠᠭᠠᠨ ᠳᠠᠭᠠᠨ ᠠᠪᠤᠭᠰᠠᠨ ᠤ ᠬᠡᠷᠡᠭ ᠥᠬᠡᠶ᠃ ᠬᠡᠷᠪᠡ ᠨᠦᠢᠷ ᠬᠤᠯᠵᠢᠬᠤ ᠳᠤ ᠬᠡᠲᠦᠷᠬᠡᠶ ᠰᠠᠨᠠᠭ᠎ᠠ ᠵᠣᠪᠠᠪᠠᠯ᠂ ᠭᠡᠳᠡᠷᠭᠦ ᠪᠠᠨ ᠦᠷᠭᠦᠯᠵᠢᠯᠡᠨ ᠨᠦᠢᠷ ᠬᠤᠯᠵᠢᠵᠤ᠂ ᠬᠤᠤᠷ ᠬᠥᠨᠥᠭᠡᠯ ᠤᠴᠠᠷᠠᠭᠤᠯᠬᠤ ᠪᠣᠯᠤᠨ᠎ᠠ᠃ ᠡᠶᠢᠮᠤ ᠨᠢᠭᠡᠨ ᠬᠥᠳᠡᠯᠭᠡᠭᠡᠨ ᠲᠠᠨ ᠢ ᠬᠤᠷᠳᠤᠨ ᠤᠨᠲᠠᠭᠤᠯᠤᠨ᠎ᠠ᠃ ᠰᠢᠭᠡᠵᠡᠶ ᠬᠤᠷᠤᠭᠤ ᠪᠠᠷ ᠢᠶᠠᠨ ᠴᠢᠬᠢᠨ ᠤᠨᠵᠢᠯᠭ᠎ᠠ ᠶᠢ ᠲᠠᠷᠤᠵᠦ᠂ ᠪᠤᠰᠤᠳ ᠬᠡᠳᠦᠨ ᠬᠤᠷᠤᠭᠤ ᠪᠠᠨ ᠠᠶᠠᠨᠳᠠᠭᠠᠨ ᠰᠤᠯᠠ ᠲᠠᠯᠪᠢᠨ᠎ᠠ᠂ ᠡᠨᠡ ᠦᠶ᠎ᠡ ᠳᠤ ᠳᠤᠮᠳᠠ ᠬᠤᠷᠤᠭᠤ ᠴᠢᠨᠢ ᠤᠨᠲᠠᠭᠤᠯᠬᠤ ᠪᠠᠯᠴᠢᠷ ᠢ ᠳᠠᠷᠤᠬᠤ ᠪᠣᠯᠬᠤᠷ ᠤᠨᠲᠠᠭᠤᠯᠬᠤ ᠪᠠᠯᠴᠢᠷ ᠨᠢ ᠱᠠᠷᠬᠢᠷᠠᠵᠤ ᠴᠢᠨᠦᠷᠡᠬᠦ ᠮᠡᠲᠦ ᠰᠠᠨᠠᠭᠳᠠᠵᠤ᠂ ᠵᠢᠭᠠᠬᠠᠨ ᠳᠠᠷᠤᠭᠰᠠᠨ ᠤ ᠳᠠᠷᠠᠭ᠎ᠠ ᠨᠦᠢᠷ ᠬᠦᠷᠴᠦ ᠡᠬᠢᠯᠡᠳᠡᠭ ᠶᠤᠮ ᠭᠡᠵᠠᠢ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号