ᠭᠡᠷ ᠲᠡᠭᠡᠨ ᠦᠷᠭᠦᠯᠵᠢ ᠰᠠᠯᠬᠢ ᠨᠡᠪᠲᠡᠷᠡᠭᠦᠯᠬᠦ ᠨᠢ ᠶᠠᠮᠠᠷ ᠰᠠᠶᠢᠨ ᠲᠠᠢ ᠪᠤᠢ︖
ᠨᠡᠶᠢᠲᠡᠯᠡᠭᠰᠡᠨ ᠴᠠᠭ᠄
2024/6/4
    ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ ᠠᠭᠠᠷ ᠰᠣᠯᠢᠪᠠᠯ᠂ ᠬᠡᠷ ᠲᠤᠳᠤᠷᠠᠬᠢ ᠠᠭᠠᠷ ᠲᠠᠬᠢ ᠬᠤᠤᠷᠲᠠᠶ ᠬᠡᠶ ᠪᠡᠶᠡᠲᠦ ᠶᠢ ᠪᠦᠲᠦᠮᠵᠢᠲᠡᠶ ᠠᠷᠢᠯᠭᠠᠵᠤ᠂ ᠬᠡᠷ ᠳᠣᠲᠣᠷᠠᠬᠢ ᠠᠭᠠᠷ ᠢ ᠴᠡᠪᠡᠷᠰᠢᠭᠦᠯᠵᠦ ᠴᠢᠳᠠᠨ᠎ᠠ᠃ ᠬᠡᠷ ᠳᠣᠲᠣᠷᠠᠬᠢ ᠠᠭᠠᠷ ᠲᠠᠬᠢ ᠡᠪᠡᠳᠴᠢᠨ ᠤ ᠪᠠᠺᠲ᠋ᠧᠷᠢ ᠶᠢᠨ ᠠᠭᠤᠯᠤᠭ᠍ᠳᠠᠴᠠ ᠶᠢ ᠶᠡᠭᠡ ᠪᠠᠷ ᠪᠠᠭᠠᠰᠭᠠᠵᠤ ᠴᠢᠳᠠᠨ᠎ᠠ᠃ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠭᠰᠡᠨ ᠤ ᠲᠡᠷᠠᠭ᠎ᠠ᠂ ᠨᠡᠩ ᠤᠯᠡᠠ ᠨᠠᠷᠠᠨ ᠤ ᠭᠡᠷᠡᠯ ᠭᠡᠷ ᠳᠣᠲᠣᠷ᠎ᠠ ᠲᠤᠰᠴᠦ᠂ ᠰᠢᠯ ᠳᠤ ᠬᠠᠰᠢᠭᠳᠠᠭᠰᠠᠨ ᠭᠦᠷᠢᠨ ᠤ ᠭᠠᠳᠠᠨᠠᠬᠢ ᠲᠤᠶᠠᠭ᠎ᠠ ᠭᠡᠷ ᠳᠣᠲᠣᠷ᠎ᠠ ᠰᠢᠭᠤᠳ ᠣᠷᠣᠵᠤ᠂ ᠠᠷᠢᠭᠤᠳᠬᠠᠬᠤ ᠪᠠ ᠪᠠᠺᠲ᠋ᠧᠷᠢ ᠠᠯᠠᠬᠤ ᠦᠢᠯᠡᠳᠦᠯ ᠦᠵᠡᠭᠦᠯᠦᠨ᠎ᠡ᠃ ᠬᠦᠴᠢᠯᠳᠦᠷᠦᠭᠴᠢ ᠶᠢᠨ ᠠᠭᠤᠯᠤᠭᠳᠠᠴᠠ ᠶᠢ ᠨᠡᠮᠡᠭ᠌ᠳᠡᠬᠦᠯᠵᠤ᠂ ᠲᠠᠷᠢᠬᠢ ᠲᠣᠯᠣᠭᠠᠶ ᠰᠡᠷᠭᠦᠵᠦ᠂ ᠰᠡᠳᠭᠢᠯ ᠰᠠᠨᠠᠭ᠎ᠠ ᠲᠠᠭᠠᠯᠠᠮᠵᠢᠲᠠᠶ ᠪᠤᠯᠵᠤ᠂ ᠡᠷᠡᠭᠦᠯ ᠮᠠᠨᠳᠤ ᠳᠤ ᠠᠰᠢᠭᠲᠠᠢ ᠪᠠᠢᠳᠠᠭ᠃ ᠬᠡᠷ ᠲᠤ ᠰᠠᠯᠬᠢ ᠨᠡᠪᠲᠡᠷᠡᠭᠦᠯᠬᠦ ᠬᠠᠮᠤᠭ ᠤᠨ ᠰᠠᠶᠢᠨ ᠴᠠᠭ ᠪᠣᠯ ᠦᠷᠯᠦᠭᠡ ᠪᠣᠰᠣᠭᠰᠠᠨ ᠤ ᠲᠠᠷᠠᠭᠠᠬᠢ ᠬᠤᠭᠤᠴᠠᠭ᠎ᠠ ᠪᠤᠯᠤᠨ᠎ᠠ᠂ ᠤᠴᠢᠷ ᠨᠢ ᠡᠨᠡ ᠦᠶᠡᠰ ᠦᠷᠥ ᠲᠡᠪᠢᠰᠭᠡᠷ ᠲᠡᠭᠡᠷᠡᠬᠢ ᠲᠣᠭᠤᠰᠣ ᠲᠤᠷᠳᠤᠭ ᠠᠭᠠᠷ ᠲᠤ ᠬᠦᠪᠦᠭᠡᠳ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠴᠢᠬᠤᠯᠠ ᠲᠠᠢ᠃ ᠡᠭᠦᠨ ᠠᠴᠠ ᠭᠠᠳᠠᠨ᠎ᠠ᠂ ᠬᠤᠭᠤᠯᠠ ᠬᠢᠬᠦ ᠦᠶᠡᠰ ᠲᠣᠭᠤᠭᠠᠨ ᠭᠡᠷ ᠲᠤ ᠶᠡᠭᠡ ᠬᠡᠮᠵᠢᠶᠡᠨ ᠤ ᠲᠣᠰᠣᠨ ᠤᠲᠤᠭ᠎ᠠ ᠭᠠᠷᠴᠤ᠂ ᠬᠦᠨᠳᠦ ᠨᠣᠴᠢᠲᠠᠶ ᠬᠤᠤᠷᠲᠤ ᠪᠣᠳᠠᠰ ᠬᠤᠯᠢᠯᠳᠤᠨ᠎ᠠ᠂ ᠡᠶᠢᠮᠦ ᠴᠡ ᠬᠤᠭᠤᠯᠠ ᠬᠢᠬᠦ ᠦᠶᠡᠰ ᠤᠲᠤᠭ᠎ᠠ ᠰᠣᠷᠣᠬᠤ ᠮᠠᠰᠢᠨ ᠢᠶᠠᠨ ᠨᠡᠭᠡᠭᠡᠬᠦ ᠪᠠᠷ ᠪᠠᠷᠠᠬᠤ ᠦᠭᠡᠢ ᠪᠠᠰᠠ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠪᠡᠯ᠂ ᠬᠤᠤᠷᠲᠤ ᠬᠡᠢ ᠪᠡᠶᠡᠲᠦ ᠶᠢ ᠬᠤᠷᠳᠤᠨ ᠰᠠᠷᠨᠢᠭᠤᠯᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号