ᠶᠠᠮᠠᠷ ᠬᠦᠮᠦᠰ ᠲᠤ ᠸᠠᠺᠼᠢᠨ ᠳᠠᠷᠢᠵᠦ ᠪᠤᠯᠬᠤ ᠪᠤᠢ︖ ᠬᠠᠮᠢᠭ᠎ᠠ ᠤᠴᠢᠵᠦ ᠳᠠᠷᠢᠭᠤᠯᠬᠤ ᠪᠤᠢ︖ ᠡᠷᠡᠭᠦᠯ ᠪᠤᠰᠤ ᠢᠯᠡᠷᠡᠯ ᠭᠠᠷᠪᠠᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2024/6/4
    ᠶᠠᠮᠠᠷ ᠬᠦᠮᠦᠰ ᠲᠤ ᠸᠠᠺᠼᠢᠨ ᠳᠠᠷᠢᠵᠦ ᠪᠤᠯᠬᠤ ᠪᠤᠢ︖ ᠬᠠᠮᠢᠭ᠎ᠠ ᠤᠴᠢᠵᠦ ᠳᠠᠷᠢᠭᠤᠯᠬᠤ ᠪᠤᠢ︖ ᠡᠷᠡᠭᠦᠯ ᠪᠤᠰᠤ ᠢᠯᠡᠷᠡᠯ ᠭᠠᠷᠪᠠᠯ ᠶᠠᠭᠠᠬᠢᠬᠤ ᠪᠤᠢ︖ — ᠡᠷᠬᠡ ᠰᠦᠷᠳᠦ ᠰᠠᠯᠠᠭ᠎ᠠ ᠮᠦᠴᠢᠷ ᠠᠴᠠ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠳᠤᠯᠤᠭᠠᠨ ᠶᠡᠭᠡ ᠠᠰᠠᠭᠤᠳᠠᠯ ᠳᠤ ᠬᠠᠷᠢᠭᠤᠯᠳᠠ ᠦᠭᠬᠦᠭᠰᠡᠨ ᠨᠢ ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ ︖ ᠬᠠᠮᠢᠭ᠎ᠠ ᠤᠴᠢᠵᠦ ᠳᠠᠷᠢᠭᠤᠯᠬᠤ ᠪᠤᠢ︖ ᠠᠮᠤᠷ ᠳᠦᠪᠰᠢᠨ ᠤ ᠴᠢᠨᠠᠷ ᠨᠢ ᠬᠢᠷᠢ ᠵᠡᠷᠭᠡ ᠪᠠᠶᠢᠭ᠎ᠠ ᠪᠤᠯ︖ ᠦᠨ᠎ᠠ ᠨᠢ ᠬᠡᠳᠦᠢ ᠪᠠᠶᠢᠬᠤ ᠪᠤᠢ︖ ᠤᠯᠠᠨ ᠤ ᠠᠩᠬᠠᠷᠴᠤ ᠪᠠᠶᠢᠭ᠎ᠠ ᠡᠳᠡᠬᠡᠷ ᠬᠠᠯᠠᠮᠰᠢᠯ ᠠᠰᠠᠭᠤᠳᠠᠯ ᠳᠤ ᠴᠢᠭᠯᠡᠬᠦᠯᠦᠨ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠬᠢᠨ 19 ᠤ ᠡᠳᠦᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠵᠡᠷᠬᠡ ᠰᠠᠯᠠᠭ᠎ᠠ ᠮᠦᠴᠢᠷ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠡᠷᠬᠡ ᠰᠦᠷᠳᠦ ᠬᠠᠷᠢᠭᠤᠯᠳᠠ ᠦᠭᠬᠦᠯ᠎ᠠ᠃ ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ︖ ︽ᠡᠪᠤᠯ ᠬᠠᠪᠤᠷ ᠤᠨ ᠤᠯᠠᠷᠢᠯ ᠬᠦᠷᠴᠦ ᠢᠷᠡᠬᠦ ᠳᠠᠰᠢᠷᠠᠮ ᠢᠶᠠᠷ᠂ ᠬᠡᠰᠡᠭ ᠭᠤᠤᠯᠳᠠᠯᠭ᠎ᠠ ᠲᠠᠢ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠬᠤ ᠠᠵᠢᠯ ᠢ ᠦᠷᠨᠢᠬᠦᠯᠦᠨ᠎ᠠ︾ ᠬᠡᠵᠦ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤᠭᠤᠢᠢᠯᠠᠩ ᠤᠨ ᠸᠠᠺᠼᠢᠨ ᠰᠤᠳᠤᠯᠤᠨ ᠦᠢᠯᠡᠳᠬᠦ ᠳᠤᠰᠬᠠᠢ ᠠᠩᠬᠢ ᠶᠢᠨ ᠬᠠᠷᠢᠭᠤᠴᠠᠯᠭᠠᠳᠠᠨ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠳᠡᠳ᠋ ᠡᠷᠬᠢᠯᠡᠭᠴᠢ ᠼᠧᠩ ᠢ ᠰᠢᠨ ᠬᠡᠯᠡᠬᠦ ᠶᠢᠨ ᠬᠠᠮᠳᠤ᠂ ᠳᠠᠷᠠᠭᠠᠴᠢ ᠶᠢᠨ ᠠᠯᠬᠤᠮ ᠳᠤ ᠬᠠᠯᠳᠠᠪᠤᠷᠢᠯᠠᠬᠳᠠᠬᠤ ᠠᠶᠤᠯ ᠶᠡᠬᠡᠳᠡᠢ ᠬᠦᠮᠦᠰ ᠲᠤ ︽ᠳᠠᠷᠢᠪᠠᠯ ᠵᠤᠬᠢᠬᠤ ᠬᠦᠮᠦᠰ ᠲᠤ ᠪᠦᠷ ᠳᠠᠷᠢᠬᠤ︾ ᠠᠵᠢᠯ ᠢ ᠠᠯᠢ ᠴᠢᠳᠠᠬᠤ ᠪᠠᠷ ᠬᠦᠢᠴᠡᠳ ᠬᠢᠵᠦ᠂ ᠨᠦᠬᠦᠴᠡᠯ ᠳᠤ ᠨᠡᠶᠢᠴᠡᠭᠰᠡᠨ ᠬᠦᠮᠦᠨ ᠪᠦᠬᠦᠨ ᠳᠤ ᠴᠠᠬ ᠳᠤᠬᠠᠢ ᠳᠤᠨᠢ ᠪᠦᠷ ᠳᠠᠷᠢᠯᠭ᠎ᠠ ᠳᠠᠷᠢᠨ᠎ᠠ ᠬᠡᠵᠦ ᠢᠯᠡᠳᠬᠡᠪᠡ᠃ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠳᠤᠪᠴᠢᠶᠠᠨ ᠤ ᠬᠠᠷᠢᠭᠤᠴᠠᠯᠭᠠᠳᠠᠨ ᠼᠦᠢ ᠭᠠᠩ᠂ ᠤᠳᠤᠬᠠᠨ ᠳᠤ ᠸᠠᠺᠼᠢᠨ ᠳᠠᠷᠢᠬᠤ ᠠᠷᠭ᠎ᠠ ᠪᠤᠳᠤᠯᠭ᠎ᠠ ᠭᠡᠪᠡᠯ ︽ᠬᠤᠶᠠᠷ ᠠᠯᠬᠤᠮ ᠢᠶᠠᠷ ᠶᠠᠪᠤᠬᠤ︾ ᠳᠦᠰᠦᠯ ᠢ ᠬᠡᠷᠡᠭᠵᠢᠭᠦᠯᠤᠨ᠎ᠡ᠄ ᠨᠢᠬᠡᠳᠦᠬᠡᠷ ᠠᠯᠬᠤᠮ ᠳᠤ᠂ ᠭᠤᠤᠯᠳᠠᠭᠤ ᠬᠡᠰᠡᠭ ᠭᠤᠤᠯᠳᠠᠯᠭ᠎ᠠ ᠲᠠᠢ ᠬᠦᠮᠦᠰ ᠲᠤ ᠴᠢᠭᠯᠡᠬᠦᠯᠦᠨ᠎ᠠ᠂ ᠡᠬᠦᠨ ᠳᠤ ᠭᠠᠳᠠᠨ᠎ᠠ ᠠᠴᠠ ᠤᠷᠤᠭᠤᠯᠬᠤ ᠬᠦᠢᠳᠡᠨ ᠢᠶᠠᠷ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ᠂ ᠪᠤᠭᠤᠮᠳᠠ ᠶᠢᠨ ᠬᠢᠵᠢᠭ ᠰᠢᠯᠭᠠᠨ ᠪᠠᠶᠢᠴᠠᠭᠠᠬᠤ᠂ ᠤᠩᠭᠤᠴᠠ ᠳᠤ ᠠᠶᠠᠯᠠᠯ ᠵᠢᠯᠤᠭᠤᠳᠬᠤ᠂ ᠠᠭᠠᠷ ᠤᠨ ᠠᠶᠠᠯᠠᠯ ᠤᠨ ᠤᠢᠢᠯᠡᠴᠢᠯᠡᠭᠡ᠂ ᠳᠦᠬᠦᠬᠡᠢ ᠰᠤᠷᠭᠤᠬ ᠢᠳᠡᠬᠡᠨ ᠤ ᠵᠠᠬ᠎ᠠ ᠳᠡᠯᠬᠡᠬᠦᠷ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠡᠮ ᠡᠮᠨᠡᠯᠬᠡ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠵᠡᠷᠬᠡ ᠬᠠᠯᠳᠠᠪᠤᠷᠢᠯᠠᠬᠳᠠᠬᠤ ᠠᠶᠤᠯ ᠢᠶᠠᠷ ᠨᠡᠯᠢᠶᠡᠳ ᠶᠡᠭᠡ ᠠᠵᠢᠯᠳᠠᠳ ᠵᠢᠴᠢ ᠳᠤᠮᠳᠠ ᠦᠨᠳᠦᠷ ᠬᠡᠮᠵᠢᠶᠡᠨ ᠤ ᠬᠠᠯᠳᠠᠪᠤᠷᠢᠯᠠᠬᠤ ᠠᠶᠤᠯ ᠲᠠᠢ ᠤᠯᠤᠰ ᠪᠤᠶᠤ ᠭᠠᠵᠠᠷ ᠤᠷᠤᠨ ᠳᠤ ᠤᠴᠢᠵᠦ ᠠᠵᠢᠯᠯᠠᠵᠦ ᠰᠤᠷᠤᠯᠴᠠᠬᠤ ᠬᠦᠮᠦᠰ ᠵᠡᠷᠬᠡ ᠶᠢ ᠪᠠᠭᠳᠠᠭᠠᠵᠦ ᠪᠤᠢ᠃ ᠬᠤᠶᠠᠳᠤᠭᠠᠷ ᠠᠯᠬᠤᠮ ᠳᠤ᠂ ᠸᠠᠺᠼᠢᠨ ᠤ ᠳᠠᠭᠠᠯᠳᠤᠭᠤᠯᠤᠯ ᠨᠦᠬᠦᠴᠡᠯ ᠨᠢ ᠵᠠᠬ᠎ᠠ ᠳᠡᠯᠬᠡᠬᠦᠷ ᠲᠤ ᠭᠠᠷᠬᠤ ᠵᠦᠪᠰᠢᠶᠡᠷᠡᠯ ᠢ ᠤᠯᠬᠤ ᠪᠤᠶᠤ ᠵᠢᠩᠬᠢᠨᠢ ᠪᠠᠷ ᠵᠠᠬ᠎ᠠ ᠳᠡᠯᠬᠡᠬᠦᠷ ᠲᠤ ᠭᠠᠷᠬᠤ ᠵᠦᠪᠰᠢᠶᠡᠷᠡᠯ ᠢ ᠤᠯᠵᠦ᠂ ᠸᠠᠺᠼᠢᠨ ᠤ ᠦᠢᠯᠡᠳᠪᠤᠷᠢᠯᠡᠯ ᠤᠨ ᠬᠡᠮᠵᠢᠶ᠎ᠠ ᠠᠯᠬᠤᠮ ᠠᠯᠬᠤᠮ ᠢᠶᠠᠷ ᠨᠡᠮᠡᠭᠳᠡᠬᠦ ᠶᠢᠨ ᠤᠯᠠᠮ ᠢᠶᠠᠷ᠂ ᠡᠮᠬᠢ ᠳᠢᠭᠯᠢᠮ ᠲᠠᠢ ᠪᠠᠷ ᠳᠠᠷᠢᠯᠭ᠎ᠠ ᠬᠢᠬᠦ ᠠᠵᠢᠯ ᠢ ᠦᠷᠨᠢᠬᠦᠯᠵᠦ᠂ ᠠᠯᠬᠤᠮ ᠠᠯᠬᠤᠮ ᠢᠶᠠᠷ ᠴᠠᠷᠤᠯᠳᠠ ᠶᠢᠨ ᠬᠠᠯᠬᠠᠪᠴᠢ ᠶᠢ ᠴᠤᠬᠴᠠᠯᠠᠨ ᠪᠠᠶᠢᠭᠤᠯᠵᠦ ᠪᠠᠶᠢᠭᠠᠳ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠯᠤᠰ ᠤᠨ ᠳᠤᠳᠤᠭᠠᠳᠤ ᠳᠠᠬᠢ ᠬᠠᠯᠳᠠᠪᠤᠷᠢᠯᠠᠯ ᠢ ᠳᠠᠰᠤᠯᠤᠨ᠎ᠠ ᠬᠡᠵᠦ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号