5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ | ᠪᠦᠯᠬᠦᠮ ᠤᠨ ᠬᠥᠯᠭᠡ ᠣᠩᠭᠤᠴᠠ ᠪᠠᠷ ᠬᠢᠯᠢ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠪᠡ᠃ ᠬᠥᠯᠭᠡ ᠣᠩᠭᠤᠴᠠ ᠪᠠᠷ ᠳᠤᠮᠳᠠᠳᠤ ᠤᠯᠤᠰ ᠲᠤ ᠢᠷᠡᠵᠦ᠂ ᠬᠢᠯᠢ ᠶᠢᠨ | ᠳᠣᠲᠣᠷᠠᠬᠢ ᠵᠢᠭᠤᠯᠴᠢᠯᠠᠯ ᠤᠨ ᠭᠠᠵᠠᠷ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠭᠠᠳᠠᠭᠠᠳᠤ ᠶᠢᠨ | ᠵᠢᠭᠤᠯᠴᠢᠯᠠᠯ ᠤᠨ ᠪᠦᠯᠬᠦᠮ ︵2 ᠬᠥᠮᠥᠨ ᠵᠢᠴᠢ ᠲᠡᠭᠦᠨ ᠠᠴᠠ ᠳᠡᠭᠡᠭᠰᠢ︶ ᠨᠢ ᠲᠢᠶᠠᠨᠵᠢᠨ᠂ ᠳ᠋ᠠᠯᠢᠶᠠᠨ᠂ ᠱᠠᠩᠬᠠᠢ᠂ | ᠴᠢᠩᠳᠣᠣ ᠵᠡᠷᠭᠡ 13 ᠬᠤᠳᠠ ᠶᠢᠨ ᠬᠥᠯᠭᠡ ᠣᠩᠭᠤᠴᠠᠨ ᠤ ᠪᠣᠭᠤᠮᠲᠠ ᠪᠠᠷ ᠸᠢᠰᠠ ᠬᠡᠷᠡᠭᠰᠡᠬᠦ ᠦᠭᠡᠢ ᠪᠠᠷ ᠪᠦᠬᠦᠯᠢ | ᠪᠦᠯᠬᠦᠮ ᠢᠶᠠᠷ ᠢᠶᠠᠨ ᠬᠢᠯᠢ ᠳᠤ ᠣᠷᠣᠵᠤ ᠪᠣᠯᠣᠨ᠎ᠠ᠂ ᠳᠤᠮᠳᠠᠳᠤ ᠤᠯᠤᠰ ᠤᠨ ᠬᠢᠯᠢ ᠳᠣᠲᠣᠷ᠎ᠠ 15 ᠡᠳᠦᠷ ᠠᠴᠠ | ᠢᠯᠡᠭᠦᠦ ᠰᠠᠭᠠᠲᠠᠵᠤ ᠪᠣᠯᠬᠤ ᠦᠭᠡᠢ᠃ | ᠪᠥᠬᠦ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠦᠴᠦᠨ ᠮᠡᠬᠦᠰᠳᠡᠵᠦ᠂ ᠲᠣᠭᠲᠠᠭᠤᠨ ᠪᠤᠰᠤ ᠴᠢᠨᠠᠷ | ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠮᠠᠨ ᠤ ᠤᠯᠤᠰ | ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠳᠤ ᠣᠷᠣᠬᠤ ᠳᠤ ᠸᠢᠰᠠ ᠠᠴᠠ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠭᠡᠭᠡᠯᠲᠡ ᠬᠢᠬᠦ᠂ ᠬᠠᠮᠲᠤᠷᠠᠯᠴᠠᠬᠤ᠂ | ᠬᠠᠮᠲᠤ ᠪᠠᠷ ᠠᠰᠢᠭ ᠭᠥᠷᠳᠡᠬᠦ ᠢᠳᠡᠪᠬᠢᠲᠡᠢ ᠳᠣᠬᠢᠶ᠎ᠠ ᠶᠢ ᠳᠠᠮᠵᠢᠭᠤᠯᠵᠤ ᠪᠠᠶᠢᠨ᠎ᠠ᠃ ᠸᠢᠰᠠ ᠠᠴᠠ ᠬᠡᠯᠲᠦᠷᠢᠭᠦᠯᠬᠦ | ᠭᠡᠳᠡᠭ ᠨᠢ ᠦᠵᠡᠬᠦ ᠳᠤ ᠵᠦᠪᠬᠡᠨ ᠵᠠᠰᠠᠭ ᠵᠠᠬᠢᠷᠭᠠᠨ ᠤ ᠭᠠᠷ ᠭᠦᠢᠴᠡᠳᠬᠡᠯ ᠢ ᠳᠥᠭᠦᠮᠴᠢᠯᠡᠭᠰᠡᠨ ᠰᠢᠭ᠂ ︽ᠪᠠᠭ᠎ᠠ | ᠭᠠᠷᠳᠠᠴᠠ︾ ᠪᠣᠯᠬᠤ ᠪᠣᠯᠪᠠᠴᠤ ︽ᠶᠡᠭᠡ ᠡᠨᠧᠷᠭᠢ︾ ᠠᠭᠤᠯᠤᠭᠳᠠᠵᠤ ᠪᠠᠶᠢᠳᠠᠭ᠃ ᠲᠡᠷᠡ ᠨᠢ ᠮᠠᠨ ᠤ ᠤᠯᠤᠰ ᠤᠨ | ᠬᠥᠯᠭᠡ ᠣᠩᠭᠤᠴᠠᠨ ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠠᠰᠢᠭᠲᠠᠢ ᠮᠥᠷᠲᠡᠭᠡᠨ ᠪᠠᠰᠠ ᠳᠤᠮᠳᠠᠳᠤ ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ | ᠶᠠᠪᠤᠯᠴᠠᠭ᠎ᠠ ᠶᠢ ᠠᠬᠢᠭᠤᠯᠵᠤ᠂ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠬᠦ ᠳᠤ ᠠᠰᠢᠭᠲᠠᠢ ᠶᠤᠮ᠃ | ᠬᠥᠯᠭᠡ ᠣᠩᠭᠤᠴᠠᠨ ᠤ ᠵᠢᠭᠤᠯᠴᠢᠯᠠᠯ ᠨᠢ ︽ᠳᠠᠯᠠᠢ ᠳᠡᠭᠡᠷᠡᠬᠢ ᠰᠢᠵᠢᠷ ᠠᠯᠲᠠᠨ ᠠᠵᠤ ᠦᠢᠯᠡᠰ︾ ᠬᠡᠮᠡᠭᠳᠡᠵᠦ᠂ | ᠬᠤᠨᠤᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠬᠡᠷᠡᠭᠴᠡᠭᠡ ᠵᠢᠴᠢ | ᠭᠠᠷᠠᠮ ᠤᠨ ᠦᠢᠯᠡᠴᠢᠯᠡᠭᠡ᠂ ᠣᠩᠭᠤᠴᠠ ᠰᠠᠯ ᠤᠨ ᠰᠡᠯᠪᠢᠨ ᠵᠠᠰᠠᠯᠲᠠ ᠵᠡᠷᠭᠡ ᠠᠵᠤ ᠦᠢᠯᠡᠰ ᠤᠨ ᠬᠡᠷᠡᠭᠴᠡᠭᠡ ᠶᠢ | ᠬᠠᠮᠤᠷᠴᠤ᠂ ᠡᠬᠡ ᠭᠠᠷᠠᠮ ᠤᠨ ᠬᠤᠲᠠ ᠳᠤ ᠲᠦᠢᠯ ᠤᠨ ᠴᠢᠩᠭ᠎ᠠ ᠠᠵᠤ ᠠᠬᠤᠢ ᠶᠢᠨ ᠳᠠᠶᠢᠴᠢᠯᠠᠬᠤ ᠦᠢᠯᠡᠳᠦᠯ ᠲᠠᠢ | ᠶᠤᠮ᠃ ᠣᠶᠢᠷ᠎ᠠ ᠶᠢᠨ 10 ᠵᠢᠯ ᠤᠨ ᠲᠤᠷᠰᠢ᠂ ᠣᠯᠠᠨ ᠤᠯᠤᠰ ᠤᠨ ᠬᠥᠯᠭᠡ ᠣᠩᠭᠤᠴᠠᠨ ᠤ ᠵᠢᠭᠤᠯᠴᠢᠯᠠᠯ ᠤᠨ | ᠵᠠᠬ᠎ᠠ ᠳᠡᠯᠭᠡᠭᠦᠷ ᠵᠢᠯ ᠳᠤᠮᠳᠠᠴᠢ ᠪᠠᠷ 6% ᠠᠴᠠ 8% ᠶᠢᠨ ᠨᠡᠮᠡᠭᠳᠡᠯ ᠤᠨ ᠬᠤᠷᠳᠤᠴᠠ ᠪᠠᠨ ᠪᠠᠲᠤᠯᠠᠭᠰᠠᠭᠠᠷ | ᠢᠷᠡᠵᠡᠶ᠃ ᠭᠡᠲᠡᠯ᠎ᠡ ᠥᠩᠭᠡᠷᠡᠭᠰᠡᠨ ᠳᠤ ᠲᠢᠶᠠᠨᠵᠢᠨ᠂ ᠱᠠᠩᠬᠠᠢ ᠮᠡᠲᠦ ᠶᠢᠨ ᠬᠡᠪᠴᠢᠶ᠎ᠡ ᠪᠠᠷ ᠨᠡᠯᠢᠶᠡᠳ ᠶᠡᠭᠡ ᠬᠥᠯᠭᠡ | ᠣᠩᠭᠤᠴᠠᠨ ᠤ ᠡᠬᠡ ᠭᠠᠷᠠᠮ ᠠᠴᠠ ᠭᠠᠳᠠᠨ᠎ᠠ᠂ ᠬᠡᠪᠴᠢᠶ᠎ᠡ ᠪᠠᠷ ᠨᠡᠯᠢᠶᠡᠳ ᠪᠠᠭ᠎ᠠ ᠬᠥᠯᠭᠡ ᠣᠩᠭᠤᠴᠠᠨ ᠤ ᠵᠠᠷᠢᠮ ᠡᠬᠡ | ᠭᠠᠷᠠᠮ ᠨᠢ ᠲᠣᠮᠣ ᠬᠡᠯᠪᠡᠷᠢ ᠶᠢᠨ ᠣᠯᠠᠨ ᠤᠯᠤᠰ ᠤᠨ ᠬᠥᠯᠭᠡ ᠣᠩᠭᠤᠴᠠᠨ ᠤ ᠬᠢᠯᠢ ᠪᠠᠷ ᠣᠷᠣᠵᠤ ᠵᠣᠭᠰᠣᠬᠤ ᠭᠠᠷᠠᠮ | ᠪᠣᠯᠵᠤ ᠳᠡᠶᠢᠯᠬᠦ ᠦᠭᠡᠢ ᠪᠠᠶᠢᠵᠤ᠂ ᠵᠣᠭᠰᠣᠭᠰᠠᠨ ᠴᠤ ᠴᠠᠭ ᠨᠢ ᠨᠡᠯᠢᠶᠡᠳ ᠣᠬᠤᠷ ᠪᠠᠶᠢᠳᠠᠭ᠃ ᠵᠢᠱᠢᠶᠡᠯᠡᠪᠡᠯ | ᠭᠠᠷᠠᠮ ᠳᠤ ᠣᠷᠣᠬᠤ ᠬᠥᠯᠭᠡ ᠣᠩᠭᠤᠴᠠᠨ ᠤ ᠴᠢᠩᠳᠣᠣ ᠳᠤ ᠵᠣᠭᠰᠣᠬᠤ ᠴᠠᠭ ᠨᠢ ᠳᠤᠮᠳᠠᠴᠢ ᠪᠠᠷ 1 ᠯᠡ ᠡᠳᠦᠷ | ᠶᠤᠮ᠃ ᠡᠨᠡ ᠤᠳᠠᠭ᠎ᠠ ᠮᠠᠨ ᠤ ᠤᠯᠤᠰ ᠤᠨ ᠲᠡᠯᠡᠶ ᠳᠠᠭᠠᠤ ᠣᠷᠣᠨ ᠳᠤ ᠬᠥᠯᠭᠡ ᠣᠩᠭᠤᠴᠠᠨ ᠤ ᠵᠢᠭᠤᠯᠴᠢᠯᠠᠯ ᠤᠨ | ᠪᠦᠯᠬᠦᠮ ᠤᠨ ᠬᠢᠯᠢ ᠪᠠᠷ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠦᠭᠰᠡᠨ ᠨᠢ ᠤᠯᠠᠮ ᠠᠴᠠ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ | ᠢᠷᠡᠵᠦ ᠶᠣᠰᠣ ᠵᠠᠩᠰᠢᠯ ᠢ ᠣᠶᠢᠯᠠᠭᠠᠨ ᠮᠡᠳᠡᠷᠡᠬᠦ ᠳᠤ ᠳᠦᠭᠦᠮᠯᠡᠵᠦ᠂ ᠮᠠᠨ ᠤ ᠤᠯᠤᠰ ᠤᠨ ᠲᠡᠯᠡᠶ ᠳᠠᠭᠠᠤ ᠮᠤᠵᠢ ᠶᠢᠨ | ᠬᠥᠯᠭᠡ ᠣᠩᠭᠤᠴᠠᠨ ᠤ ᠠᠵᠤ ᠠᠬᠤᠢ ᠶᠢᠨ ᠡᠷᠴᠢᠮᠯᠢᠭ ᠬᠥᠭᠵᠢᠯᠲᠡ ᠶᠢ ᠠᠬᠢᠭᠤᠯᠬᠤ ᠪᠣᠯᠣᠨ᠎ᠠ᠃ | ᠸᠢᠰᠠ ᠠᠴᠠ ᠬᠡᠯᠲᠦᠷᠢᠭᠦᠯᠬᠦ ᠪᠣᠯ ᠪᠠᠰᠠ ᠴᠤ ᠳᠡᠯᠡᠬᠡᠶᠢᠴᠢᠯᠡᠬᠦ ᠵᠣᠷᠢᠭ ᠰᠠᠨᠠᠭᠠᠨ ᠤ ᠪᠣᠳᠠᠲᠠᠢ ᠢᠯᠡᠷᠡᠯ ᠮᠥᠨ᠃ | ᠬᠡᠳᠦᠢ ᠪᠠᠷ ᠣᠳᠣᠬᠠᠨ ᠳᠤ ︽ᠰᠥᠷᠭᠡᠦ ᠳᠡᠯᠡᠬᠡᠶᠢᠵᠢᠯ︾ ᠤᠨ ᠳᠠᠯᠳᠠ ᠤᠷᠤᠰᠬᠠᠯ ᠪᠣᠯᠵᠤ ᠪᠠᠶᠢᠭ᠎ᠠ ᠪᠣᠯᠪᠠᠴᠤ᠂ | ᠳᠡᠯᠡᠬᠡᠢ ᠶᠢᠨ ᠪᠥᠮᠪᠥᠷᠴᠡᠭ ᠲᠣᠰᠬᠤᠨ ᠤ ︽ᠢᠷᠭᠡᠨ︾ ᠪᠣᠯᠤᠭᠰᠠᠨ ᠤ ᠬᠤᠪᠢ ᠳᠤ᠂ ︽ᠦᠷᠭᠦᠯᠵᠢ ᠭᠠᠳᠠᠭᠰᠢ | ᠭᠠᠷᠴᠤ ᠦᠵᠡᠬᠦ︾ ᠨᠢ ᠨᠢᠭᠡᠨᠲᠡ ᠨᠢᠭᠡ ᠵᠦᠢᠯ ᠤᠨ ᠠᠮᠢᠳᠤᠷᠠᠯ ᠤᠨ ᠬᠡᠷᠡᠭᠴᠡᠭᠡ ᠪᠣᠯᠤᠭᠰᠠᠨ ᠪᠠᠶᠢᠨ᠎ᠠ᠃ ᠪᠠᠶᠢᠩᠭᠤ | ᠶᠠᠪᠤᠯᠴᠠᠬᠤ ᠳᠤᠮᠳᠠ ᠪᠠᠨ᠂ ᠬᠤᠭᠤᠷᠣ ᠬᠤᠭᠤᠷᠣᠨᠳᠤ ᠪᠠᠨ ᠢᠲᠡᠭᠡᠯᠴᠡᠵᠦ᠂ ᠣᠶᠢᠯᠠᠭᠠᠯᠴᠠᠭ᠎ᠠ ᠪᠠᠨ | ᠭᠦᠨᠵᠡᠭᠡᠶᠢᠷᠡᠭᠦᠯᠦᠨ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ᠃ ᠨᠢᠳᠤᠨᠤᠨ ᠠᠴᠠ ᠨᠠᠭᠠᠰᠢ᠂ | ᠮᠠᠨ ᠤ ᠤᠯᠤᠰ ᠳᠤᠮᠳᠠᠳᠤ ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ | ᠭᠥᠷᠳᠡᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠲᠤ ᠢᠷᠡᠵᠦ ᠰᠤᠷᠤᠯᠴᠠᠬᠤ ᠶᠢ ᠬᠢᠨᠠᠨ ᠵᠥᠪᠰᠢᠶᠡᠷᠡᠬᠦ | ᠭᠠᠷ ᠭᠦᠢᠴᠡᠳᠬᠡᠯ ᠢ ᠳᠥᠭᠦᠮᠴᠢᠯᠡᠬᠦ᠂ ᠬᠡᠰᠡᠭ ᠤᠯᠤᠰ ᠲᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠲᠤᠷᠰᠢᠨ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠸᠢᠰᠠ ᠶᠢᠨ ᠲᠥᠷᠥ ᠶᠢᠨ ᠪᠣᠳᠣᠯᠭ᠎ᠠ ᠨᠤᠭᠤᠳ ᠢᠶᠠᠨ ᠲᠠᠰᠤᠷᠠᠯᠲᠠ | ᠦᠭᠡᠢ ᠰᠢᠯᠢᠳᠡᠭᠵᠢᠭᠦᠯᠦᠭᠰᠡᠨ ᠶᠤᠮ᠃ | ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠬᠦ ᠨᠢ ᠨᠡᠮᠡᠭᠳᠡᠵᠦ᠂ ᠤᠯᠠᠮ ᠠᠴᠠ ᠣᠯᠠᠨ | ᠤᠯᠤᠰ ᠤᠨ ᠬᠦᠮᠦᠰ ᠳᠤᠮᠳᠠᠳᠤ ᠤᠯᠤᠰ ᠢ ᠨᠡᠩ ᠪᠦᠬᠦ ᠲᠠᠯ᠎ᠠ ᠪᠠᠷ᠂ ᠭᠦᠨᠵᠡᠭᠡᠢ ᠣᠶᠢᠯᠠᠭᠠᠵᠤ ᠪᠠᠶᠢᠨ᠎ᠠ᠃ ᠡᠨᠡ | ᠵᠢᠯ ᠤᠨ ᠨᠢᠭᠡᠳᠦᠭᠡᠷ ᠤᠯᠠᠷᠢᠯ ᠳᠤ᠂ ᠭᠠᠳᠠᠭᠠᠳᠤ ᠶᠢᠨ ᠬᠦᠮᠦᠰ ᠤᠨ ᠳᠤᠮᠳᠠᠳᠤ ᠤᠯᠤᠰ ᠲᠤ ᠢᠷᠡᠭᠰᠡᠨ ᠲᠤᠭ᠎ᠠ | 2023 ᠣᠨ ᠤ ᠠᠳᠠᠯᠢ ᠬᠤᠭᠤᠴᠠᠭᠠᠨ ᠤ ᠬᠢ ᠠᠴᠠ 3 ᠲᠠᠬᠢᠨ ᠢᠯᠡᠭᠦᠦ ᠨᠡᠮᠡᠭᠳᠡᠵᠦ᠂ ᠮᠠᠨ ᠤ ᠤᠯᠤᠰ ᠤᠨ | ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ᠎ᠠ 1.2 ᠲᠦᠮᠡ ᠳᠤ ᠬᠦᠷᠴᠡᠢ᠃ | ᠨᠡᠭᠡᠭᠡᠯᠲᠡ ᠲᠠᠢ ᠠᠰᠢᠭᠲᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠬᠡᠷᠡᠭᠵᠢᠭᠦᠯᠦᠭᠰᠡᠨ ᠨᠢ ᠮᠠᠨ ᠤ | ᠤᠯᠤᠰ ᠤᠨ ᠳᠡᠯᠡᠬᠡᠢ ᠳ᠋ᠠᠬᠢᠨ ᠢ ᠬᠦᠷᠢᠶᠡᠯᠡᠵᠦ ᠪᠠᠶᠢᠭ᠎ᠠ ᠦᠨᠡᠨᠴᠢ ᠰᠡᠳᠬᠢᠯ ᠢ ᠬᠠᠷᠠᠭᠤᠯᠵᠤ᠂ ᠭᠠᠳᠠᠭᠠᠳᠤ ᠶᠢᠨ | ᠬᠤᠳᠠᠯᠳᠤᠭᠠᠴᠢᠳ ᠤᠨ ᠳᠤᠮᠳᠠᠳᠤ ᠤᠯᠤᠰ ᠲᠤ ᠢᠷᠡᠬᠦ ᠢᠲᠡᠭᠡᠯ ᠢ ᠨᠡᠮᠡᠭᠳᠡᠭᠦᠯᠦᠭᠰᠡᠨ ᠶᠤᠮ᠃ ᠲᠦᠷᠦᠭᠦᠬᠡᠨ᠂ | ᠳᠡᠯᠡᠬᠡᠢ ᠶᠢᠨ ᠨᠠᠷᠠᠲᠤ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ ᠪᠣᠯᠬᠤ ᠺᠣᠷᠨᠢ ᠺᠣᠮᠫᠠᠨᠢ ᠶᠢᠨ ᠨᠡᠶᠢᠲᠡᠯᠡᠭᠰᠡᠨ | 2024 ᠣᠨ ᠤ ᠪᠥᠬᠦ ᠳᠡᠯᠡᠬᠡᠢ ᠶᠢᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ | ᠢᠲᠡᠭᠡᠯ ᠤᠨ ᠢᠯᠡᠳᠬᠡᠭᠴᠢ ᠶᠢᠨ ᠮᠡᠳᠡᠭᠦᠯᠦᠯᠲᠡ ᠳᠤ᠂ ᠮᠠᠨ ᠤ ᠤᠯᠤᠰ ᠢ ᠨᠢᠳᠤᠨᠤᠨ ᠳᠣᠯᠣᠳᠤᠭᠠᠷ ᠲᠤ ᠵᠢᠭᠰᠠᠭᠠᠵᠤ | ᠪᠠᠶᠢᠭᠰᠠᠨ ᠠᠴᠠ ᠪᠠᠨ ᠥᠨᠥ ᠭᠤᠷᠪᠠᠳᠤᠭᠠᠷ ᠲᠤ ᠵᠢᠭᠰᠠᠭᠠᠬᠤ ᠪᠠᠷ ᠪᠠᠶᠢᠨ᠎ᠠ᠃ | ᠭᠡᠪᠡᠴᠦ᠂ ᠬᠢᠯᠢ ᠪᠠᠷ ᠣᠷᠣᠵᠤ ᠵᠢᠭᠤᠯᠴᠢᠯᠠᠬᠤ ᠬᠥᠮᠥᠨ ᠤ ᠲᠤᠭ᠎ᠠ ᠣᠯᠠᠰᠢᠷᠠᠭᠰᠠᠨ ᠨᠢ ᠰᠣᠶᠣᠯ | ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠶᠢᠨ ᠵᠡᠷᠭᠡ ᠳᠤ ᠪᠠᠰᠠ ᠬᠤᠲᠠ ᠶᠢᠨ ᠬᠠᠮᠢᠶᠠᠷᠤᠯᠲᠠ | ᠦᠢᠯᠡᠴᠢᠯᠡᠭᠡ ᠳᠤ ᠥᠷᠢᠰᠦᠯᠳᠦᠭᠡᠨ ᠤᠴᠠᠷᠠᠭᠤᠯᠵᠤ ᠪᠠᠶᠢᠨ᠎ᠠ᠃ ᠳᠠᠷᠠᠭᠠᠴᠢ ᠪᠠᠷ᠂ ᠲᠦᠭᠵᠢᠷᠡᠯ ᠬᠦᠴᠢᠷᠳᠡᠯ ᠢ | ᠡᠮᠬᠢᠯᠡᠨ ᠡᠷᠢᠵᠦ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠲᠦᠪᠰᠢᠨ ᠢ | ᠳᠡᠭᠡᠭᠰᠢᠯᠡᠭᠦᠯᠵᠦ᠂ ᠭᠠᠳᠠᠭᠠᠳᠤ ᠶᠢᠨ ᠵᠢᠭᠤᠯᠴᠢᠯᠠᠭᠰᠠᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠢ ᠨᠡᠩ | ᠤᠷᠤᠭᠰᠢᠲᠠᠢ᠂ ᠲᠠᠭᠠᠯᠠᠮᠵᠢᠲᠠᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ | ᠬᠠᠮᠢᠶᠠᠷᠤᠯᠳᠠ ᠶᠢᠨ ᠲᠦᠷᠢᠮ︾ ᠤᠨ ᠬᠠᠤᠯᠢ ᠬᠡᠷᠡᠭᠵᠢᠭᠦᠯᠦᠯᠳᠠ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠯᠪᠠᠨ ᠵᠠᠷᠯᠠᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ 2024 ᠣᠨ ᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ 6 | ᠰᠠᠷ᠎ᠠ ᠠᠴᠠ 8 ᠰᠠᠷ᠎ᠠ ᠪᠣᠯᠲᠠᠯ᠎ᠠ ᠪᠥᠬᠦ ᠣᠷᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠤᠯᠳᠠ ᠶᠢᠨ ᠲᠦᠷᠢᠮ︾ ᠢ ᠲᠤᠭᠤᠰᠢᠯᠠᠭᠤᠯᠤᠨ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠠ᠃ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠳᠤ᠄ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠤ ᠪᠠᠶᠢᠬᠤ᠂ ᠬᠤᠯᠪᠤᠭᠳᠠᠯ ᠪᠥᠬᠦᠶ ᠠᠵᠢᠯ ᠤᠨ ᠲᠣᠭᠲᠡᠴᠡ ᠶᠢ | ᠪᠠᠶᠢᠭᠤᠯᠤᠨ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ︔ ᠭᠠᠵᠠᠷ ᠳᠤᠤᠷᠠᠬᠢ ᠤᠰᠤ ᠶᠢ ᠠᠪᠴᠤ ᠬᠡᠷᠡᠭᠯᠡᠭᠰᠡᠨ ᠶᠡᠷᠦᠩᠬᠡᠶ | ᠬᠡᠮᠵᠢᠶ᠎ᠡ ᠶᠢ ᠬᠢᠵᠠᠭᠠᠷᠯᠠᠭᠰᠠᠨ ᠪᠠ ᠤᠰᠤᠨ ᠲᠦᠪᠰᠢᠨ ᠢ ᠡᠵᠡᠮᠳᠡᠭᠰᠡᠨ ᠪᠠᠶᠢᠳᠠᠯ︔ ᠤᠰᠤᠨ ᠤ ᠡᠬᠢ ᠪᠠᠶᠠᠯᠢᠭ ᠢ | ᠠᠷᠪᠢᠲᠠᠶ ᠡᠷᠴᠢᠮᠯᠢᠭ ᠠᠰᠢᠭᠯᠠᠭᠰᠠᠨ ᠪᠠᠶᠢᠳᠠᠯ︔ ᠮᠠᠯ ᠠᠵᠤ ᠠᠬᠤᠶ ᠲᠠᠷᠢᠶᠠᠯᠠᠩ ᠤᠨ ᠤᠰᠤᠯᠠᠯᠲᠠ ᠳᠤ ᠭᠠᠵᠠᠷ | ᠳᠣᠣᠷᠠᠬᠢ ᠤᠰᠤ ᠶᠢ ᠠᠪᠴᠤ ᠬᠡᠷᠡᠭᠯᠡᠭᠰᠡᠨ ᠬᠡᠮᠵᠢᠯᠲᠡ ᠶᠢᠨ ᠪᠠᠶᠢᠳᠠᠯ︔ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠢ ᠵᠠᠰᠠᠭᠰᠠᠨ ᠵᠢᠴᠢ ᠬᠢᠨᠠᠨ ᠬᠠᠮᠢᠶᠠᠷᠤᠭᠰᠠᠨ ᠪᠠᠶᠢᠳᠠᠯ︔ ᠭᠠᠵᠠᠷ ᠳᠤᠤᠷᠠᠬᠢ ᠤᠰᠤ ᠶᠢ ᠬᠠᠤᠯᠢ ᠪᠤᠰᠤ ᠪᠠᠷ | ᠲᠠᠲᠠᠵᠤ ᠬᠡᠷᠡᠭᠯᠡᠭᠡᠳ᠂ ᠭᠠᠵᠠᠷ ᠳᠤᠤᠷᠠᠬᠢ ᠤᠰᠤ ᠶᠢ ᠪᠣᠬᠢᠷᠲᠤᠭᠤᠯᠤᠭᠰᠠᠨ ᠵᠡᠷᠭᠡ ᠭᠤᠤᠯᠳᠠᠯᠭ᠎ᠠ ᠲᠠᠢ ᠬᠡᠷᠡᠭ ᠢ | ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ︔ ᠬᠠᠤᠯᠢ ᠠᠴᠠ ᠵᠥᠷᠢᠴᠡᠭᠰᠡᠨ ᠬᠡᠷᠡᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠤᠭᠰᠠᠨ ᠪᠠᠶᠢᠳᠠᠯ︔ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠤᠯᠳᠠ ᠶᠢᠨ | ᠲᠦᠷᠢᠮ︾ ᠤᠨ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠬᠤ ᠲᠤᠬᠠᠶ ᠰᠠᠨᠠᠯ ᠰᠠᠨᠠᠭᠤᠯᠭ᠎ᠠ ᠵᠡᠷᠭᠡ ᠪᠠᠭᠳᠠᠨ᠎ᠠ᠃ | ᠬᠤᠯᠪᠣᠭᠳᠠᠯ ᠪᠥᠬᠦᠶ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠬᠤ ᠶᠢᠨ ᠲᠥᠯᠥᠭᠡ ᠣᠲᠣ ᠠᠯᠪᠠᠨ ᠵᠠᠷᠯᠠᠯ | ᠨᠡᠶᠢᠲᠡᠯᠡᠵᠦ ᠨᠡᠶᠢᠭᠡᠮ ᠨᠡᠶᠢᠲᠡ ᠠᠴᠠ ᠬᠤᠯᠪᠤᠭᠳᠠᠯ ᠪᠥᠬᠦᠶ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠬᠤ ᠪᠠᠷ ᠪᠣᠶ᠃ | ᠬᠤᠯᠪᠤᠭᠳᠠᠯ ᠪᠥᠬᠦᠶ ᠰᠠᠨᠠᠯ ᠰᠠᠨᠠᠭᠤᠯᠭ᠎ᠠ ᠶᠢ 2024 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ | ᠪᠢᠴᠢᠭ ᠤᠨ ᠬᠡᠯᠪᠡᠷᠢ ᠪᠤᠶᠤ ᠢᠮᠧᠯ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠮᠠᠯ ᠠᠵᠤ ᠠᠬᠤᠶ ᠲᠠᠷᠢᠶᠠᠯᠠᠩ ᠤᠨ | ᠠᠵᠢᠯ ᠤᠨ ᠵᠥᠪᠯᠡᠯ ᠳᠤ ᠬᠠᠷᠢᠭᠤ ᠲᠤᠰᠬᠠᠬᠤ ᠪᠣᠯᠪᠠᠤ᠃ | ᠬᠠᠷᠢᠯᠴᠠᠬᠤ ᠬᠥᠮᠦᠨ᠄ ᠬᠤᠤ ᠮᠢᠩ ᠢ | ᠬᠠᠷᠢᠯᠴᠠᠬᠤ ᠤᠳᠠᠰᠤ᠄ 0471 - 6600439 6600651 ︵ᠹᠠᠺᠰ︶ | ᠢᠮᠧᠯ᠄ rd 2014 nmw @ 163 . com | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ | ᠲᠣᠭᠤᠷᠢᠭ ᠤᠨ ᠵᠥᠩ ᠱᠠᠨ ᠵᠡᠭᠦᠨ ᠵᠠᠮ ᠤᠨ 3 ᠳ᠋ᠤᠭᠠᠷ ᠨᠣᠮᠧᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠭᠢᠮ | 2024 ᠣᠨ ᠤ 5 ᠰᠠᠷ᠎ᠠ ᠶᠢᠨ 30 ᠤ ᠡᠳᠦᠷ | |