ᠰᠢ ᠶᠢᠨ ᠫᠢᠩ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠤᠢ ᠳᠤ ᠵᠠᠬᠢᠳᠠᠯ ᠢᠯᠡᠭᠡᠵᠦ ᠪᠠᠶᠠᠷ ᠬᠦᠷᠭᠡᠬᠦ ᠳᠡᠭᠡᠨ ᠴᠢᠬᠤᠯᠠᠴᠢᠯᠠᠬᠰᠠᠨ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠥ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2024/6/4
   ᠳ᠋ᠢᠩ ᠰᠢᠤᠸᠠᠢ ᠰᠢᠶᠠᠩ ᠠᠺᠠᠳᠧᠮᠢᠴᠢ ᠶᠢᠨ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ   ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠣᠶ ᠬᠦᠷᠴᠤ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠷᠡᠬᠦᠯᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠠᠯᠠᠭᠤᠨ ᠪᠠᠶᠠᠷ ᠬᠦᠷᠭᠡᠵᠦ᠂ ᠪᠥᠬᠦ ᠬᠦᠷᠢᠶᠡᠯᠡᠩ ᠤᠨ ᠠᠺᠠᠳᠧᠮᠢᠴᠢ ᠪᠣᠯᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃   ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 30 ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠠᠺᠠᠳᠧᠮᠢᠴᠢ ᠪᠣᠯᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠨ ᠢ ᠪᠦᠯᠬᠦᠮᠳᠡᠭᠦᠯᠦᠨ ᠨᠢᠭᠲᠠᠷᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠷᠬᠡ ᠪᠣᠭᠤᠮᠲᠠ ᠶᠢ ᠲᠠᠰᠤᠷᠠᠯᠲᠠ ᠥᠬᠡᠶ ᠰᠢᠪᠲᠤᠯᠵᠤ᠂ ᠲᠣᠮᠣ ᠤᠯᠤᠰ ᠤᠨ ᠢᠨᠵᠧᠨᠧᠷᠢᠩ ᠢ ᠪᠥᠲᠥᠭᠡᠨ ᠪᠠᠶᠢᠭᠤᠯᠵᠤ᠂ ᠤᠯᠤᠰ ᠤᠨ ᠰᠤᠳᠤᠨ ᠲᠤᠨᠤᠬᠯᠠᠯ ᠢ ᠡᠬᠦᠳᠴᠤ᠂ ᠮᠠᠨ ᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠤ ᠳᠠᠪᠰᠢᠬᠤ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠬᠡᠵᠥ ᠵᠢᠭᠠᠵᠥ ᠭᠠᠷᠭᠠᠪᠠ᠃   ᠰᠢ ᠶᠢᠨ ᠫᠢᠩ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠰᠢᠨ᠎ᠡ ᠭᠠᠷᠤᠭ᠎ᠠ ᠳᠡᠭᠡᠷ᠎ᠡ ᠠᠴᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠭᠡᠵᠦ᠂ ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠡᠭᠦᠷᠭᠡ ᠴᠢᠳᠠᠪᠬᠢ ᠶᠢ ᠴᠢᠩᠭᠠᠷᠠᠭᠤᠯᠵᠥ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   3 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠡᠭᠡᠵᠢᠩ ᠳᠤ ︽ᠢᠨᠵᠧᠨᠧᠷᠢᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠠᠺᠠᠳᠧᠮᠢᠴᠢ ᠶᠢᠨ ᠶᠠᠷᠢᠯᠴᠠᠬᠤ ᠬᠤᠷᠠᠯ ᠬᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ᠂ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠪᠠ᠃   ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠲᠡᠷᠢᠭᠦᠨ ᠵᠡᠷᠬᠡ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠭᠤᠯᠵᠤ᠂ ᠲᠡᠷᠢᠭᠦᠨ ᠵᠡᠷᠬᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠡᠭᠦᠳᠴᠤ᠂ ᠲᠡᠷᠢᠭᠦᠨ ᠵᠡᠷᠬᠡ ᠶᠢᠨ ᠵᠥᠪᠯᠡᠯᠭᠡ ᠥᠭᠬᠦ ᠰᠠᠨᠠᠭᠤᠯᠭ᠎ᠠ ᠶᠢ ᠡᠷᠬᠦᠨ ᠲᠡᠪᠰᠢᠬᠦᠯᠵᠤ᠂ ᠲᠡᠷᠢᠭᠦᠨ ᠵᠡᠷᠬᠡ ᠶᠢᠨ ᠡᠷᠳᠡᠮ ᠰᠢᠨᠵᠢᠯᠡᠭᠡᠨ ᠤ ᠲᠠᠪᠴᠠᠩ ᠢ ᠪᠠᠶᠢᠭᠤᠯᠵᠤ᠂ ᠤᠯᠤᠰ ᠤᠨ ᠬᠥᠭᠵᠢᠯᠲᠡ ᠲᠠᠪᠰᠢᠯᠳᠠ ᠲᠤᠮᠳᠠ ᠴᠢᠬᠤᠯᠠ ᠦᠢᠯᠡᠳᠦᠯ ᠦᠵᠡᠭᠦᠯᠪᠡ ᠬᠡᠵᠥ ᠵᠢᠭᠠᠵᠥ ᠭᠠᠷᠭᠠᠪᠠ᠃   ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠬᠦᠷᠢᠶᠡᠯᠡᠩ ᠪᠠᠶᠢᠭᠤᠯᠤᠬᠰᠠᠨ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ ᠶᠢᠨ ᠲᠥᠯᠥᠭᠡ ᠲᠡᠮᠡᠴᠡᠬᠦ ᠠᠬᠢᠴᠠ ᠳᠤᠮᠳᠠ ᠲᠠᠭᠠᠭᠤᠯᠤᠬᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠲᠠᠭᠠᠭᠤᠯᠤᠬᠴᠢ ᠪᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠰᠢᠭᠲᠠᠢ ᠪᠠᠶᠢᠷᠢ ᠶᠢ ᠴᠢᠷᠮᠠᠶᠢᠨ ᠡᠵᠡᠯᠡᠬᠦ ᠬᠡᠷᠡᠭᠲᠡᠢ᠃ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠭᠠᠭᠤᠯᠤᠬᠴᠢ ᠪᠤᠯᠵᠤ᠂ ᠴᠢᠬᠤᠯᠠ ᠶᠡᠭᠡ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠳᠠ ᠶᠢ ᠪᠡᠶᠡᠯᠡᠬᠦᠯᠬᠦ ᠲᠠᠭᠠᠭᠤᠯᠤᠬᠴᠢ ᠪᠤᠯᠵᠤ᠂ ᠤᠯᠤᠰ ᠤᠨ ᠪᠠᠴᠢᠮ ᠬᠡᠷᠡᠭᠴᠡᠭᠡ ᠪᠣᠯᠤᠨ ᠠᠯᠤᠰ ᠬᠡᠳᠤ ᠶᠢᠨ ᠬᠡᠷᠡᠭᠴᠡᠭᠡ ᠠᠴᠠ ᠡᠭᠦᠰᠴᠦ᠂ ︽ᠪᠣᠭᠤᠮᠢ ᠪᠤᠯᠵᠤ ᠪᠠᠶᠢᠭ᠎ᠠ︾ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠴᠢᠬᠤᠯᠠ ᠬᠦᠷᠢᠶᠡᠨ ᠳᠤ ᠨᠡᠩ ᠤᠯᠠᠨ ᠪᠦᠲᠦᠭᠡᠯᠴᠢ ᠴᠢᠨᠠᠷᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢᠨ ᠲᠠᠭᠠᠭᠤᠯᠤᠬᠴᠢ ᠪᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠭᠯᠡᠯᠳᠦ ᠴᠢᠨᠠᠷᠲᠠᠢ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠪᠠᠷᠠᠯᠠᠯᠳᠤ ᠴᠢᠨᠠᠷᠲᠠᠢ᠂ ᠬᠠᠨᠳᠤᠯᠭᠠᠲᠤ ᠴᠢᠨᠠᠷᠲᠠᠢ᠂ ᠨᠥᠭᠡᠴᠡ ᠶᠢᠨ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠨᠠᠮ ᠪᠠ ᠤᠯᠤᠰ ᠤᠨ ᠰᠢᠢᠳᠪᠦᠷᠢᠲᠦ ᠪᠤᠳᠤᠯᠭ᠎ᠠ ᠶᠢ ᠲᠤᠯᠭᠠᠭᠤᠷᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ ᠳ᠋ᠢᠩ ᠰᠢᠤᠸᠠᠢ ᠰᠢᠶᠠᠩ ᠢᠨᠵᠧᠨᠧᠷᠢᠩ ᠤᠨ ᠬᠦᠷᠢᠶᠡᠯᠡᠩ ᠤᠨ ᠥᠷᠭᠡᠨ ᠤᠯᠠᠨ ᠠᠺᠠᠳᠧᠮᠢᠴᠢ ᠲᠦᠷᠦᠭᠦᠯᠡᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠮᠦᠨ ᠤ ᠠᠮᠢᠳᠤᠷᠠᠯ ᠤᠨ ᠬᠦᠰᠡᠯᠡᠩ ᠢᠶᠠᠨ ᠤᠯᠤᠰ ᠪᠣᠯᠤᠨ ᠦᠨᠳᠦᠰᠦᠲᠡᠨ ᠤ ᠠᠵᠢᠯ ᠦᠢᠯᠡᠰ ᠲᠤ ᠠᠭᠤᠰᠤᠯᠴᠠᠭᠤᠯᠵᠤ᠂ ᠤᠯᠤᠰ ᠢᠶᠠᠨ ᠬᠠᠶᠢᠷᠠᠯᠠᠬᠤ ᠰᠡᠳᠭᠢᠯ ᠢ ᠡᠪᠦᠷᠯᠡᠵᠦ᠂ ᠤᠯᠤᠰ ᠲᠠᠭᠠᠨ ᠵᠢᠳᠬᠦᠬᠦ ᠡᠷᠴᠢ ᠵᠣᠷᠢᠭ ᠢ ᠪᠠᠷᠢᠮᠳᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠠᠪᠠᠷᠢᠵᠤ᠂ ᠨᠠᠮ ᠪᠣᠯᠤᠨ ᠠᠷᠠᠳ ᠲᠦᠮᠡᠨ ᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠪᠡ᠃   ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠠᠷᠢᠭᠤᠴᠠᠯᠭᠠᠲᠠᠨ ᠪᠣᠯᠤᠨ ᠠᠺᠠᠳᠧᠮᠢᠴᠢ ᠶᠢᠨ ᠲᠥᠯᠥᠭᠡᠯᠡᠭᠴᠢ ᠦᠭᠡ ᠬᠡᠯᠡᠪᠡ᠃   ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ 1994 ᠣᠨ ᠤ 6 ᠰᠠᠷ᠎ᠠ ᠶᠢᠨ 3 ᠤ ᠡᠳᠦᠷ ᠪᠠᠶᠢᠭᠤᠯᠤᠭᠳᠠᠪᠠ ᠃ 30 ᠵᠢᠯ ᠤᠨ ᠲᠤᠷᠰᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠳᠤᠮᠳᠠᠳᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠠᠮᠤᠭ ᠤᠨ ᠳᠡᠭᠡᠳᠦ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦ ᠪᠠᠨ ᠲᠥᠪᠯᠡᠷᠡᠭᠦᠯᠵᠦ᠂ ᠳᠠᠭᠠᠭᠤᠯᠤᠭᠴᠢ ᠴᠢᠳᠠᠪᠤᠷᠢᠲᠠᠨ ᠢ ᠴᠤᠭᠯᠠᠭᠤᠯᠵᠤ᠂ ᠳᠡᠭᠡᠳᠦ ᠲᠠᠰ ᠤᠨ ᠣᠶᠤᠨ ᠤ ᠬᠥᠮᠥᠷᠭᠡ ᠶᠢ ᠪᠠᠶᠢᠭᠤᠯᠵᠤ᠂ ᠡᠷᠳᠡᠮ ᠰᠢᠨᠵᠢᠯᠡᠭᠡᠨ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠢ ᠡᠭᠦᠳᠪᠠ   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号