ᠬᠠᠭᠤᠴᠢᠨ ᠢᠶᠠᠷ ᠰᠢᠨ᠎ᠡ ᠶᠢ ᠰᠣᠯᠢᠵᠤ ᠬᠡᠷᠡᠭᠯᠡᠭᠡ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/1
   ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠡᠭᠦᠳᠬᠦ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠵᠠ ᠲᠣᠬᠢᠶᠠᠯ ᠢ ᠢᠳᠡᠪᠬᠢᠲᠡᠢ ᠠᠮᠵᠢᠨ᠂ ᠮᠠᠰᠢᠨ ᠲᠡᠷᠭᠡ ᠶᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢ ︽ᠰᠢᠨ᠎ᠡ︾ ᠳᠠᠰᠢ ᠬᠢᠵᠦ᠂ ︽ᠵᠤᠨ ᠤ ᠡᠳᠦᠷ ᠤᠨ ᠠᠵᠤ ᠠᠬᠤᠢ︾ ᠶᠢᠨ ᠬᠡᠷᠡᠭᠯᠡᠭᠡᠨ ᠤ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠪᠠ᠃    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠳᠡᠯᠭᠡᠭᠦᠷ ᠲᠤ᠂ ᠵᠣᠴᠢᠨ ᠡᠷᠦᠬᠡ ᠢᠦᠢ ᠴᠢᠶᠠᠩ ᠶᠠᠭ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠤᠷᠰᠢᠨ ᠵᠢᠯᠣᠭᠤᠳᠴᠤ ᠪᠠᠶᠢᠨ᠎ᠠ᠂ ᠲᠡᠷᠡ ᠡᠨᠡ ᠤᠳᠠᠭᠠᠨ ᠤ ᠮᠠᠰᠢᠨ ᠲᠡᠷᠭᠡᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠢ ᠲᠦᠷᠭᠡᠨ ᠳᠡᠯᠭᠡᠭᠦᠷ ᠲᠤ ᠢᠷᠡᠵᠦ᠂ ᠥᠪᠡᠷ ᠤᠨ ᠰᠡᠳᠬᠢᠯ ᠵᠢᠷᠦᠬᠡ ᠪᠠᠨ ᠤᠷᠲᠤ ᠬᠤᠭᠤᠴᠠᠭ᠎ᠠ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠪᠠᠨ ᠭᠡᠷ ᠲᠡᠭᠡᠨ ᠬᠠᠷᠢᠬᠤ ᠪᠠᠷ ᠪᠡᠯᠡᠳᠬᠡᠵᠦ ᠪᠠᠶᠢᠨ᠎ᠠ᠃    ᠰᠤᠷᠪᠤᠯᠵᠢᠯᠠᠭᠴᠢ ᠮᠠᠱᠢᠨ ᠲᠡᠷᠭᠡᠨ ᠤ ᠡᠵᠡᠩᠨᠡᠨ ᠪᠣᠷᠣᠯᠠᠭᠤᠯᠬᠤ ᠭᠠᠵᠠᠷ ᠠᠴᠠ ᠣᠶᠢᠯᠠᠭᠠᠭᠰᠠᠨ ᠢᠶᠠᠷ᠂ ᠮᠠᠱᠢᠨ ᠲᠡᠷᠭᠡ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠥᠷᠨᠢᠭᠰᠡᠨ ᠠᠴᠠ ᠨᠡᠱᠢ᠂ ᠲᠡᠷᠭᠡ ᠬᠤᠳᠠᠯᠳᠤᠨ ᠠᠪᠬᠤ ᠪᠠᠷ ᠢᠷᠡᠭᠰᠡᠨ ᠣᠯᠠᠨ ᠲᠦᠮᠡᠨ ᠲᠠᠰᠤᠷᠠᠯᠲᠠ ᠦᠭᠡᠢ ᠨᠡᠮᠡᠭᠳᠡᠵᠦ᠂ ᠣᠯᠠᠨ ᠢᠶᠠᠷ ᠢᠶᠠᠨ ᠴᠥᠮ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠳᠠᠮᠵᠢᠨ ᠥᠪᠡᠷ ᠤᠨ ᠳᠤᠷᠠᠲᠠᠢ ᠲᠡᠷᠭᠡ ᠪᠠᠨ ᠰᠣᠩᠭᠤᠵᠤ ᠭᠡᠷ ᠲᠡᠭᠡᠨ ᠬᠠᠷ ᠢᠯ᠎ᠠ ᠭᠡᠵᠦ ᠪᠣᠳᠣᠵᠤ ᠪᠠᠶᠢᠨ᠎ᠠ᠃    ︽ᠮᠠᠨ ᠤ ᠠᠳᠡ ᠶᠠᠭ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠬᠢᠵᠦ ᠪᠠᠶᠢᠨ᠎ᠠ᠂ ᠪᠢ ᠦᠵᠡᠶ᠎ᠡ᠂ ᠨᠥᠬᠦᠪᠥᠷᠢ ᠶᠢᠨ ᠡᠷᠴᠢᠮ ᠶᠡᠭᠡ ᠪᠠᠶᠢᠨ᠎ᠠ᠂ ᠪᠠᠰᠠ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠵᠦ᠂ ᠶᠠᠭ ᠮᠢᠨᠦ ᠲᠡᠷᠭᠡ ᠰᠣᠯᠢᠬᠤ ᠵᠢᠯ ᠬᠤᠭᠤᠴᠠᠭ᠎ᠠ ᠴᠤ ᠣᠷᠳᠣ ᠪᠣᠯᠵᠠᠢ᠂ ᠬᠠᠭᠤᠴᠢᠨ ᠢᠶᠠᠷ ᠰᠢᠨ᠎ᠡ ᠶᠢ ᠰᠣᠯᠢᠬᠤ ᠪᠠᠷᠢᠮᠵᠢᠶ᠎ᠠ ᠳᠤ ᠨᠡᠶᠢᠴᠡᠵᠦ᠂ ᠨᠥᠬᠦᠪᠥᠷᠢ ᠥᠭᠬᠦ ᠪᠠ ᠬᠠᠷᠠᠭᠠᠯᠵᠠᠯ ᠦᠵᠡᠭᠦᠯᠵᠦ᠂ ᠰᠢᠨ᠎ᠡ ᠲᠡᠷᠭᠡ ᠰᠣᠯᠢᠬᠤ ᠳᠤ ᠬᠤᠶᠠᠷ ᠲᠦᠮᠡ ᠭᠠᠷᠤᠢ ᠲᠥᠭᠦᠷᠢᠭ ᠠᠷᠪᠢᠯᠠᠴᠢᠬᠠᠨ᠎ᠠ︾ ᠬᠡᠵᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠢᠦᠢ ᠴᠢᠶᠠᠩ ᠬᠡᠯᠡᠪᠡ᠃    ᠲᠤᠰ ᠤᠳᠠᠭᠠᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠴᠠᠭ ᠪᠣᠯ 2024 ᠣᠨ ᠤ 4 ᠰᠠᠷ᠎ᠠ ᠶᠢᠨ 24 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠮᠠᠰᠢᠨ ᠲᠡᠷᠭᠡᠨ ᠤ ᠡᠵᠡᠩᠨᠡᠨ ᠪᠣᠷᠣᠯᠠᠭᠤᠯᠬᠤ ᠭᠠᠵᠠᠷ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠬᠠᠮᠢᠶ᠎ᠠ ᠪᠦᠬᠦᠢ ᠨᠥᠬᠦᠪᠥᠷᠢ ᠪᠠ ᠬᠠᠷᠠᠭᠠᠯᠵᠠᠯ ᠤᠨ ᠠᠷᠭ᠎ᠠ ᠬᠡᠮᠵᠢᠶ᠎ᠡ ᠭᠠᠷᠭᠠᠬᠤ ᠪᠠᠷ ᠪᠠᠷᠠᠬᠤ ᠦᠭᠡᠢ ᠪᠠᠰᠠ ᠪᠦᠷᠢᠨ ᠲᠡᠭᠦᠯᠳᠡᠷ ᠦᠢᠯᠡᠴᠢᠯᠡᠭᠡ ᠪᠠᠷ ᠳᠠᠮᠵᠢᠭᠤᠯᠤᠨ ᠬᠡᠷᠡᠭᠯᠡᠭᠴᠢᠳ ᠤᠨ ᠲᠡᠷᠭᠡ ᠰᠣᠯᠢᠬᠤ ᠡᠷᠡᠭᠡᠯᠵᠡᠭᠡ ᠶᠢ ᠠᠯᠳᠠᠷᠠᠭᠠᠵᠤ᠂ ᠣᠯᠠᠩᠬᠢ ᠬᠡᠷᠡᠭᠯᠡᠭᠴᠢᠳ ᠨᠥᠬᠦᠪᠥᠷᠢ ᠥᠭᠬᠦ ᠪᠠ ᠬᠠᠷᠠᠭᠠᠯᠵᠠᠯ ᠤᠨ ᠠᠷᠭ᠎ᠠ ᠬᠡᠮᠵᠢᠶ᠎ᠡ ᠪᠠᠷ ᠲᠡᠷᠭᠡ ᠬᠤᠳᠠᠯᠳᠤᠨ ᠠᠪᠤᠭᠰᠠᠨ ᠠᠴᠠ ᠪᠣᠯᠵᠤ ᠪᠠᠶᠢᠨ᠎ᠠ᠃    ︽ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠩ ᠰᠠᠶᠢᠨ ᠬᠡᠷᠡᠭᠵᠢᠭᠦᠯᠬᠦ ᠳᠤ ᠪᠢᠳᠡ ᠬᠡᠷᠡᠭᠯᠡᠭᠴᠢᠳ ᠲᠤ ᠠᠯᠢ ᠣᠯᠠᠨ ᠣᠨᠴᠠᠯᠢᠭᠲᠤ ᠦᠢᠯᠡᠴᠢᠯᠡᠭᠡ ᠬᠠᠩᠭᠠᠨ᠎ᠠ᠂ ᠵᠢᠱᠢᠶᠡᠯᠡᠪᠡᠯ ᠭᠠᠷ ᠳᠠᠮᠵᠢᠭᠰᠠᠨ ᠮᠠᠰᠢᠨ ᠲᠡᠷᠭᠡ ᠶᠢ ᠰᠦᠢᠳᠬᠡᠯ ᠬᠤᠷᠢᠶᠠᠬᠤ ᠦᠭᠡᠢ ᠪᠠᠷ ᠦᠨᠡᠯᠡᠨ ᠵᠢᠱᠢᠵᠦ ᠰᠣᠯᠢᠪᠠᠯ᠂ ᠬᠡᠷᠪᠡ ᠵᠣᠴᠢᠨ ᠡᠷᠦᠬᠡ ᠤᠯᠤᠰ ᠤᠨ ᠬᠡᠷᠡᠭᠯᠡᠭᠡ ᠠᠴᠠ ᠭᠠᠷᠭᠠᠬᠤ ᠨᠥᠬᠦᠪᠥᠷᠢ ᠶᠢᠨ ᠱᠠᠭᠠᠷᠳᠠᠯᠭ᠎ᠠ ᠳᠤ ᠬᠦᠷᠪᠡᠯ᠂ ᠰᠢᠨ᠎ᠡ ᠡᠨᠧᠷᠭᠢ ᠬᠤᠳᠠᠯᠳᠤᠨ ᠠᠪᠬᠤ ᠨᠥᠬᠦᠪᠥᠷᠢ 1.2 ᠲᠦᠮᠡᠨ ᠲᠥᠭᠦᠷᠢᠭ ᠲᠤ ᠬᠦᠷᠴᠦ᠂ ᠬᠤᠯᠪᠣᠭᠳᠠᠯ ᠪᠦᠬᠦᠢ ᠪᠣᠷᠣᠯᠠᠭᠤᠯᠭ᠎ᠠ ᠰᠠᠶᠢᠲᠠᠢ ᠲᠡᠷᠭᠡᠨ ᠤ ᠬᠡᠯᠪᠡᠷᠢ ᠳᠤ ᠪᠠᠰᠠ ᠢᠯᠡᠭᠦᠴᠡ ᠰᠣᠯᠢᠬᠤ ᠨᠥᠬᠦᠪᠥᠷᠢ ᠥᠭᠬᠦ ᠪᠣᠯᠤᠨ᠎ᠠ᠃ ᠪᠢᠳᠡ ᠪᠠᠰᠠ ᠬᠡᠷᠡᠭᠯᠡᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠴᠡᠨᠡᠭᠯᠡᠬᠦ ᠦᠢᠯᠡᠴᠢᠯᠡᠭᠡ ᠬᠠᠩᠭᠠᠵᠤ᠂ ᠪᠦᠬᠦ ᠲᠠᠯ᠎ᠠ ᠶᠢᠨ᠂ ᠣᠯᠠᠨ ᠬᠠᠷᠠᠭᠠᠰᠤ ᠠᠴᠠ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠡᠢ︾ ᠬᠷᠵᠤ ᠮᠠᠰᠢᠨ ᠲᠡᠷᠭᠡ ᠡᠵᠡᠩᠨ᠋ᠡᠨ ᠪᠤᠷᠤᠯᠠᠬᠤᠯᠬᠤ ᠬᠤᠳᠠᠯᠳᠤᠬᠠᠴᠢᠨ ᠼᠤᠤ ᠶᠢᠨ ᠮᠧᠢ ᠬᠡᠯᠡᠪᠡ᠃    ᠠᠷᠠᠳ ᠣᠯᠠᠨ ᠤ ᠬᠡᠷᠡᠭᠴᠡᠭᠡ ᠪᠣᠯ ᠳᠠᠷᠤᠢ ᠬᠡᠷᠡᠭᠯᠡᠭᠡ ᠶᠢ ᠳᠠᠶᠢᠴᠢᠯᠠᠬᠤ ᠬᠠᠮᠤᠭ ᠤᠨ ᠶᠡᠭᠡ ᠬᠥᠳᠡᠯᠭᠡᠬᠦ ᠬᠦᠴᠦᠨ ᠮᠥᠨ᠂ ︽ᠬᠠᠭᠤᠴᠢᠨ ᠢ ᠠᠷᠢᠯᠭᠠᠬᠤ ᠳᠤ ᠨᠡᠩ ᠠᠮᠠᠷᠬᠠᠨ ᠰᠢᠨ᠎ᠡ ᠶᠢ ᠰᠣᠯᠢᠬᠤ ᠳᠤ ᠨᠠᠩ ᠳᠤᠷᠠᠲᠠᠢ ᠪᠣᠯᠭᠠᠬᠤ︾ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡᠯ ᠰᠠᠶ᠋ᠢ ᠴᠢᠨᠠᠷ ᠰᠠᠶᠢᠲᠠᠢ ᠦᠢᠯᠡᠳᠬᠦᠨ ᠢ ᠠᠷᠠᠳ ᠣᠯᠠᠨ ᠤ ᠠᠮᠢᠳᠤᠷᠠᠯ ᠳᠤ ᠣᠷᠣᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠵᠤ ᠬᠡᠷᠡᠭᠯᠡᠭᠴᠢᠳ ᠲᠤ ᠠᠰᠢᠭ ᠬᠦᠷᠲᠡᠭᠡᠵᠦ ᠴᠢᠳᠠᠨ᠎ᠠ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠳᠡᠯᠭᠡᠷᠡᠭᠦᠯᠬᠦ ᠪᠠᠨ ᠦᠷᠭᠦᠯᠵᠢᠯᠡᠨ ᠴᠢᠩᠭᠠᠳᠬᠠᠵᠤ᠂ ᠨᠡᠩ ᠣᠯᠠᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠ ᠬᠡᠷᠡᠭᠯᠡᠭᠴᠢᠳ ᠲᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠶᠢᠰᠦᠳᠦᠭᠡᠷ ᠰᠠᠷ᠎ᠠ ᠶᠢᠨ ᠳᠤᠮᠳᠠᠴᠢ ᠪᠠᠷ ᠮᠠᠰᠢᠨ ᠲᠡᠷᠭᠡᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ᠂ ᠲᠤᠰ ᠤᠳᠠᠭᠠᠨ ᠤ ᠲᠡᠷᠭᠡᠨ ᠦᠵᠡᠭᠦᠯᠦᠯᠭᠡ ᠨᠢ ᠬᠠᠮᠤᠭ ᠤᠨ ᠶᠡᠭᠡ ᠡᠷᠴᠢᠮ ᠢᠶᠠᠷ ᠠᠰᠢᠭ ᠣᠯᠭᠤᠵᠤ ᠠᠷᠠᠳ ᠲᠤ ᠠᠰᠢᠭ ᠬᠦᠷᠲᠡᠭᠡᠵᠦ᠂ ᠬᠤᠳᠠᠯᠳᠤᠨ ᠠᠪᠬᠤ ᠴᠢᠳᠠᠪᠤᠷᠢ ᠶᠢ ᠬᠥᠭᠵᠢᠭᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠭᠵᠢᠭᠡᠵᠦ᠂ ᠮᠠᠨ ᠤ ᠬᠤᠰᠢᠭᠤᠨ ᠤ ᠮᠠᠰᠢᠨ ᠲᠡᠷᠭᠡᠨ ᠤ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠮᠠᠨ ᠤ ᠬᠤᠰᠢᠭᠤᠨ ᠤ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠠᠷ ᠲᠥᠯᠥᠪᠯᠡᠵᠦ ᠪᠠᠶᠢᠨ᠎ᠠ︾ ᠬᠡᠵᠤ‌ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠲᠠᠰᠤᠭ ᠤᠨ ᠳᠠᠷᠤᠭ᠎ᠠ ᠵᠣᠣ ᠶᠠᠨ ᠵᠢᠦᠸᠠᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号