ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/7/1
   ᠤᠯᠤᠰ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠨᠠᠮ ᠤᠨ ᠬᠤᠷᠢ᠊ ᠡᠶ᠎ᠡ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠭᠰᠡᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠧᠨ ᠴᠢᠩ ᠬᠤᠸᠠ ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃    ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠣᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠤᠣᠯ ᠬᠦᠴᠦᠨ ᠴᠡᠷᠢᠭ ᠪᠠ ᠤᠯᠤᠰ ᠤᠨ ᠠᠩᠭᠢ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠢ ᠭᠠᠮᠰᠢᠭ ᠤᠨ ᠠᠳᠠᠯ ᠢ ᠠᠷᠭᠠᠴᠠᠨ ᠰᠢᠢᠳᠪᠦᠷᠢᠯᠡᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃    ᠬᠤᠰᠢᠭᠤ ᠰᠢᠶᠠᠨ ᠤ ᠱᠠᠲᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠫᠠᠶᠢᠰᠠ ᠡᠯᠭᠦᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢ ᠵᠢᠷᠤᠮᠵᠢᠭᠤᠯᠤᠨ ᠬᠠᠮᠢᠶᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠪᠠ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠨᠳᠥᠷ ᠬᠢᠷᠢ ᠲᠦᠪᠰᠢᠨ ᠪᠦᠬᠦᠢ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠣᠯᠤᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠫᠠᠶᠢᠰᠠ ᠡᠯᠭᠦᠬᠦ ᠪᠠᠷ ᠰᠢᠨ᠎ᠡ ᠭᠠᠷᠤᠭ᠎ᠠ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠵᠤ᠂ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠷᠠᠳ ᠤᠨ ᠠᠮᠤᠷ ᠲᠦᠪᠰᠢᠨ ᠢ ᠪᠠᠲᠤᠯᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠩᠨᠡᠭᠡᠨ ᠤ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠪᠣᠯᠤᠨ᠎ᠠ᠃    ᠣᠶᠢᠯᠠᠭᠠᠭᠰᠠᠨ ᠢᠶᠠᠷ᠂ ᠶᠡᠷᠦᠩᠬᠡᠢ ᠠᠩᠭᠢ ᠠᠴᠠ ᠳᠣᠷᠣᠭᠰᠢᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠳᠤ ᠰᠠᠭᠤᠭ᠎ᠠ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠨ ᠡᠯᠭᠦᠵᠦ᠂ ᠶᠠᠭ ᠰᠠᠶᠢᠬᠠᠨ ︽ᠨᠢᠭᠡᠳᠦᠯᠲᠡᠢ ᠵᠣᠬᠢᠶᠠᠨ ᠪᠠᠶᠢᠭᠤᠯᠵᠤ᠂ ᠱᠠᠲᠤ ᠬᠤᠪᠢᠶᠠᠨ ᠬᠠᠷᠢᠭᠤᠴᠠᠵᠤ᠂ ᠪᠦᠯᠦᠭ ᠬᠤᠪᠢᠶᠠᠨ ᠬᠡᠷᠡᠭᠵᠢᠭᠦᠯᠵᠦ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠬᠤ︾ ᠲᠣᠬᠢᠷᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠡᠮᠬᠢ ᠵᠢᠷᠤᠮ ᠲᠠᠢ ᠪᠠᠷ ᠠᠬᠢᠭᠤᠯᠤᠨ ᠬᠡᠷᠡᠭᠵᠢᠭᠦᠯᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号