ᠵᠢᠵᠢᠭ ᠣᠷᠣᠨ ᠵᠠᠢ ᠳᠤ ᠶᠡᠭᠡ ᠬᠥᠭᠵᠢᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/7/10
   ᠬᠤᠭᠤᠰᠣᠨ ᠭᠠᠵᠠᠷ ᠲᠤ ᠦᠷ᠎ᠡ ᠵᠢᠮᠢᠰ ᠲᠠᠷᠢᠵᠤ᠂ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠨᠢ ᠨᠢᠭᠡᠨᠲᠡ ᠠᠭᠠᠵᠢᠮ ᠢᠶᠠᠷ ᠪᠠᠷᠠᠭᠤᠨ ᠵᠢᠷᠢᠮ ᠪᠠᠯᠭᠠᠰᠤᠨ ᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠵᠠᠮ ᠪᠣᠯᠵᠠᠢ᠃ ᠣᠶᠢᠷ᠎ᠠ ᠶᠢᠨ ᠵᠢᠯ ᠠᠴᠠ᠂ ᠪᠠᠷᠠᠭᠤᠨ ᠵᠢᠷᠢᠮ ᠪᠠᠯᠭᠠᠰᠤ ︽ᠬᠦᠷᠢᠶ᠎ᠡ ᠬᠠᠰᠢᠶ᠎ᠠ ᠶᠢᠨ ᠵᠢᠵᠢᠭ ᠠᠵᠤ ᠠᠬᠤᠢ︾ ᠪᠠᠷ ᠭᠠᠷᠳᠠᠴᠠ ᠪᠣᠯᠭᠠᠵᠤ᠂ ᠭᠡᠷ ᠪᠦᠯᠢ ᠪᠠᠷ ᠵᠢᠭᠰᠠᠭᠠᠯ ᠤᠨ ᠭᠠᠵᠠᠷ ᠪᠣᠯᠭᠠᠵᠤ᠂ ᠬᠦᠷᠢᠶ᠎ᠡ ᠬᠠᠰᠢᠶ᠎ᠠ ᠪᠠᠷ ᠠᠴᠢᠶᠠᠯᠠᠪᠤᠷᠢ ᠪᠣᠯᠭᠠᠵᠤ᠂ ᠬᠥᠳᠡᠭᠡ ᠲᠣᠰᠬᠤᠨ ᠤ ᠬᠦᠷᠢᠶᠡᠨ ᠤ ᠬᠤᠭᠤᠰᠣᠨ ᠭᠠᠵᠠᠷ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠰᠤᠯᠠ ᠪᠠᠶᠢᠬᠤ ᠣᠷᠣᠨ ᠵᠠᠢ ᠶᠢ ᠪᠦᠲᠦᠮᠵᠢᠲᠡᠢ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠬᠦᠷᠢᠶᠡᠨ ᠤ ᠠᠵᠤ ᠠᠬᠤᠢ ᠶᠢ ᠬᠥᠭᠵᠢᠭᠦᠯᠵᠦ᠂ ᠵᠢᠵᠢᠭ ᠬᠦᠷᠢᠶ᠎ᠡ ᠶᠢ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ︽ᠡᠷᠳᠡᠨᠢ ᠶᠢᠨ ᠰᠠᠩ︾ ᠪᠣᠯᠭᠠᠨ ᠬᠤᠪᠢᠷᠠᠭᠤᠯᠪᠠ᠃    ᠪᠠᠷᠠᠭᠤᠨ ᠵᠢᠷᠢᠮ ᠪᠠᠯᠭᠠᠰᠤᠨ ᠤ ᠵᠢᠷᠢᠮ ᠭᠠᠴᠠᠭᠠᠨ ᠤ ᠠᠷᠠᠳ ᠹᠧᠩ ᠯᠢ ᠴᠦᠨ ᠤ ᠭᠡᠷ ᠲᠤ ᠣᠷᠣᠬᠤ ᠳᠤ᠂ ᠰᠤᠷᠪᠤᠯᠵᠢᠯᠠᠭᠴᠢ ᠲᠡᠭᠦᠨ ᠤ ᠬᠦᠷᠢᠶᠡᠨ ᠤ ᠰᠤᠯᠠ ᠰᠡᠯᠡᠭᠦᠦ ᠭᠠᠵᠠᠷ ᠢ ᠠᠰᠢᠭᠯᠠᠨ 4 ᠮᠦ ᠭᠠᠵᠠᠷ ᠤᠨ ᠪᠣᠷᠣ ᠬᠠᠯᠢᠰᠤᠨ ᠰᠠᠷᠢᠮᠰᠠᠭ ᠪᠠ ᠣᠷᠢᠶᠠᠮᠠᠯ ᠭᠤᠣᠯ ᠲᠠᠢ ᠨᠣᠭᠤᠭ᠎ᠠ ᠲᠠᠷᠢᠵᠤ᠂ ᠬᠦᠷᠢᠶ᠎ᠡ ᠬᠠᠰᠢᠶ᠎ᠠ ᠨᠢ ᠴᠡᠪᠡᠷ ᠴᠡᠮᠴᠡᠭᠡᠷ ᠮᠥᠷᠲᠡᠭᠡᠨ ᠴᠡᠪᠡᠷ ᠴᠡᠮᠴᠡᠭᠡᠷ᠂ ᠢᠭᠴᠤ ᠰᠠᠬᠤᠯᠢᠭ ᠰᠠᠷᠢᠮᠰᠠᠭ ᠤᠨ ᠴᠢᠬᠢ ᠰᠠᠯᠬᠢᠨ ᠳᠤ ᠰᠡᠬᠦ᠋ᠢᠨ ᠰᠦᠨᠳᠡᠷᠯᠡᠵᠦ᠂ ᠹᠧᠩ ᠯᠢ ᠴᠦᠨ ᠶᠠᠭ ᠰᠠᠷᠢᠮᠰᠠᠭ ᠤᠨ ᠴᠢᠬᠢ ᠶᠢᠨ ᠰᠢᠷᠣᠢ᠂ ᠡᠪᠡᠰᠦ ᠶᠢ ᠠᠷᠢᠯᠭᠠᠵᠤ᠂ ᠤᠰᠤᠯᠠᠵᠤ᠂ ᠨᠡᠩ ᠰᠠᠶᠢᠨ ᠥᠰᠴᠦ ᠪᠠᠶᠢᠬᠤ ᠶᠢ ᠣᠯᠵᠤ ᠬᠠᠷᠠᠪᠠ᠃    ︽ᠬᠠᠰᠢᠶᠠᠨ ᠳᠤ ᠪᠠᠨ 4 ᠮᠦ ᠭᠠᠷᠤᠢ ᠭᠠᠵᠠᠷ ᠪᠠᠶᠢᠵᠤ᠂ ᠡᠨᠡ ᠵᠢᠯ ᠵᠢᠭᠠᠬᠠᠨ ᠰᠠᠷᠢᠮᠰᠠᠭ᠂ ᠴᠠᠭᠠᠨ ᠨᠣᠭᠤᠭ᠎ᠠ ᠲᠠᠷᠢᠪᠠᠯ ᠨᠢᠭᠡ ᠵᠢᠯ ᠳᠤ 3 ᠲᠦᠮᠡ ᠭᠠᠷᠤᠢ ᠲᠥᠭᠦᠷᠢᠭ ᠤᠨ ᠣᠷᠣᠯᠭ᠎ᠠ ᠣᠯᠵᠤ᠂ ᠬᠠᠰᠢᠶ᠎ᠠ ᠴᠤ ᠴᠡᠪᠡᠷᠬᠡᠨ ᠲᠠᠢ︾ ᠬᠡᠵᠤ ᠪᠠᠷᠠᠭᠤᠨ ᠵᠢᠷᠢᠮ ᠪᠠᠯᠭᠠᠰᠤᠨ ᠤ ᠵᠢᠷᠢᠮ ᠭᠠᠴᠠᠭᠠᠨ ᠤ ᠠᠷᠠᠳ ᠹᠧᠩ ᠯᠢ ᠴᠦᠨ ᠬᠡᠯᠡᠪᠡ᠃    ᠪᠠᠷᠠᠭᠤᠨ ᠵᠢᠷᠢᠮ ᠪᠠᠯᠭᠠᠰᠤᠨ ᠤ ᠪᠤᠷᠤᠠᠭᠠᠨ ᠭᠠᠴᠠᠭᠠᠨ ᠤ ᠠᠷᠠᠳ ᠪᠠᠢ ᠶᠢᠨ ᠬᠤᠸᠠ ᠶᠢᠨ ᠭᠡᠷ ᠪᠦᠯᠢ ᠶᠢᠨ ᠲᠠᠯᠠᠪᠠᠢ ᠨᠢ ᠶᠡᠭᠡ᠂ ᠥᠩᠭᠡᠷᠡᠭᠰᠡᠨ ᠳᠤ ᠵᠥᠪᠬᠡᠨ ᠥᠪᠡᠷ ᠤᠨ ᠭᠡᠷ ᠤᠨ ᠢᠳᠡᠳᠡᠭ ᠨᠣᠭᠤᠭ᠎ᠠ ᠲᠠᠷᠢᠵᠤ᠂ ᠣᠯᠠᠩᠬᠢ ᠨᠢ ᠰᠤᠯᠠ ᠲᠠᠯᠪᠢᠭᠳᠠᠵᠤ᠂ ᠠᠰᠢᠭ ᠣᠷᠣᠯᠭ᠎ᠠ ᠦᠭᠡᠢ ᠪᠠᠶᠢᠪᠠ᠃ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠦᠭᠰᠡᠨ ᠤ ᠳᠠᠷᠠᠭ᠎ᠠ᠂ 3 ᠮᠦ ᠬᠥᠬᠡ ᠮᠡᠰᠡ ᠵᠠᠰᠠᠯ᠂ 10 ᠮᠦ ᠡᠷᠳᠡᠨᠢ ᠰᠢᠰᠢ ᠲᠠᠷᠢᠵᠤ᠂ ᠵᠢᠱᠢᠯᠲᠡ ᠪᠠᠷ 10 ᠲᠦᠮᠡ ᠭᠠᠷᠤᠢ ᠲᠥᠭᠦᠷᠢᠭ ᠤᠨ ᠣᠷᠣᠯᠭ᠎ᠠ ᠲᠠᠢ ᠪᠣᠯᠤᠨ᠎ᠠ᠃    ᠡᠭᠦᠨ ᠲᠠᠢ ᠠᠳᠠᠯᠢ ᠪᠠᠷ ᠡᠮ ᠤᠨ ᠮᠠᠲ᠋ᠧᠷᠢᠶᠠᠯ ᠲᠠᠷᠢᠵᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠦᠭᠰᠡᠨ ᠨᠢ ᠪᠠᠰᠠ ᠵᠢᠷᠢᠮ ᠭᠠᠴᠠᠭᠠᠨ ᠤ ᠠᠷᠠᠳ ᠲᠢᠶᠧ ᠱᠠᠨ ᠪᠠᠶᠢᠳᠠᠭ᠃ ᠲᠡᠭᠦᠨ ᠤ ᠭᠡᠷ ᠤᠨ ᠬᠦᠷᠢᠶᠡᠨ ᠳᠤ ᠣᠷᠣᠬᠤ ᠳᠤ᠂ 500 ᠭᠠᠷᠤᠢ ᠵᠢᠮᠢᠰ ᠤᠨ ᠮᠣᠳᠣ ᠨᠣᠭᠤᠭᠠᠨ ᠥᠩᠭᠡ ᠪᠠᠷ ᠪᠢᠯᠬᠠᠮ᠎ᠠ᠂ ᠠᠭᠠᠯᠢᠭ ᠠᠯᠢᠮ᠎ᠠ᠂ ᠠᠯᠮᠤᠷᠠᠳ᠂ ᠲᠠᠬᠢᠶᠠᠨ ᠵᠢᠷᠦᠬᠡᠨ ᠵᠢᠮᠢᠰ᠂ ᠳᠦᠭᠦᠷᠡᠩ ᠵᠢᠮᠢᠰ ᠰᠠᠭᠤᠪᠠ᠃ ᠲᠡᠷᠡ ᠣᠢ ᠶᠢᠨ ᠬᠤᠭᠤᠷᠣᠨᠳᠣᠬᠢ ᠣᠭᠲᠠᠷᠭᠤᠢ ᠶᠢᠨ ᠭᠠᠵᠠᠷ ᠢ ᠠᠰᠢᠭᠯᠠᠨ ᠲᠠᠷᠢᠭᠰᠠᠨ ᠴᠠᠨ᠎ᠠ ᠡᠪᠡᠰᠦ᠂ ᠴᠢᠨ᠋ᠸ᠎ᠠ ᠶᠢᠨ ᠮᠡᠰᠡ ᠵᠠᠰᠠᠯ ᠵᠡᠷᠭᠡ ᠡᠮ ᠤᠨ ᠮᠠᠲ᠋ᠧᠷᠢᠶᠠᠯ ᠤᠳᠠᠯ ᠦᠭᠡᠢ ᠪᠣᠯᠪᠠᠰᠤᠷᠠᠩᠭᠤᠢ ᠪᠣᠯᠵᠤ᠂ ᠵᠢᠮᠢᠰ ᠤᠨ ᠮᠣᠳᠣ ᠪᠠ ᠡᠮ ᠤᠨ ᠮᠠᠲ᠋ᠧᠷᠢᠶᠠᠯ ᠢ ᠳᠠᠷᠠᠭ᠎ᠠ ᠵᠢᠯ ᠬᠤᠳᠠᠯᠳᠤᠵᠤ ᠪᠣᠯᠤᠨ᠎ᠠ᠂ ᠵᠢᠱᠢᠯᠲᠡ ᠪᠠᠷ ᠠᠰᠢᠭ ᠣᠷᠣᠯᠭ᠎ᠠ ᠨᠢ 15 ᠲᠦᠮᠡᠨ ᠲᠥᠭᠦᠷᠢᠭ ᠣᠷᠴᠢᠮ ᠪᠣᠯᠤᠨ᠎ᠠ᠃ ᠣᠯᠵᠤ ᠦᠵᠡᠬᠦ ᠬᠤᠷᠢᠶᠠᠯᠲᠠ ᠶᠢ ᠣᠯᠵᠤ ᠬᠠᠷᠠᠭᠠᠳ᠂ ᠣᠯᠠᠨ ᠲᠦᠮᠡᠨ ᠢ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ︽ᠰᠡᠳᠬᠢᠯ ᠢ ᠠᠮᠤᠷᠵᠢᠭᠤᠯᠬᠤ︾ ᠦᠷ᠎ᠡ ᠪᠦᠲᠦᠮᠵᠢ ᠣᠯᠵᠤ᠂ ᠤᠯᠠᠮ ᠠᠴᠠ ᠤᠯᠠᠮ ᠣᠯᠠᠨ ᠲᠠᠷᠢᠶᠠᠴᠢᠨ ᠡᠷᠦᠬᠡ ᠡᠨᠡ ᠬᠦ ᠡᠩᠨᠡᠭᠡ ᠳᠤ ᠢᠳᠡᠪᠬᠢᠲᠡᠢ ᠪᠠᠷ ᠣᠷᠣᠵᠤ ᠢᠷᠡᠪᠡ᠃    ︽ᠣᠳᠣᠬᠠᠨ ᠳᠤ ᠵᠢᠷᠢᠮ ᠭᠠᠴᠠᠭ᠎ᠠ ᠶᠢᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠦᠭᠰᠡᠨ ᠲᠣᠰᠬᠤᠨ ᠤ ᠠᠷᠠᠳ 200 ᠭᠠᠷᠤᠢ ᠡᠷᠦᠬᠡ ᠲᠠᠢ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠨᠥᠬᠦᠪᠥᠷᠢ ᠡᠨᠡ ᠵᠢᠯ ᠨᠡᠶᠢᠲᠡ 60 ᠲᠦᠮᠡᠨ ᠲᠥᠭᠦᠷᠢᠭ ᠲᠤ ᠬᠦᠷᠴᠦ᠂ ᠪᠢᠳᠡ ᠲᠠᠷᠢᠶᠠᠴᠢᠨ ᠡᠷᠦᠬᠡ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠦᠬᠡ ᠪᠦᠷᠢ ᠶᠢᠨ ᠬᠦᠷᠢᠶ᠎ᠡ ᠬᠠᠰᠢᠶ᠎ᠠ ᠶᠢ ᠪᠦᠬᠦᠨ ᠢ ᠭᠦᠢᠴᠡᠳ ᠠᠰᠢᠭᠯᠠᠵᠤ᠂ ᠡᠷᠦᠬᠡ ᠪᠦᠷᠢ ᠶᠢᠨ ᠣᠷᠣᠯᠭ᠎ᠠ ᠶᠢ ᠴᠥᠮ ᠨᠡᠮᠡᠭᠳᠡᠭᠦᠯᠦᠨ᠎ᠡ︾ ᠭᠡᠵᠦ ᠪᠠᠷᠠᠭᠤᠨ ᠵᠢᠷᠢᠮ ᠪᠠᠯᠭᠠᠰᠤᠨ ᠤ ᠵᠢᠷᠢᠮ  ᠭᠠᠴᠠᠭᠠᠨ ᠤ ᠭᠡᠰᠢᠭᠦᠨ ᠵᠧᠦ ᠴᠢ ᠱᠢ ᠰᠠᠨ ᠬᠡᠯᠡᠪᠡ᠃    ᠬᠦᠷᠢᠶ᠎ᠡ ᠨᠢ ᠪᠠᠭ᠎ᠠ ᠪᠣᠯᠪᠠᠴᠤ᠂ ᠶᠡᠭᠡ ᠨᠢ ᠬᠢᠵᠦ ᠪᠣᠯᠤᠨ᠎ᠠ᠃ ᠪᠠᠷᠠᠭᠤᠨ ᠵᠢᠷᠢᠮ ᠪᠠᠯᠭᠠᠰᠤᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠰᠠᠭᠤᠷᠢ ᠨᠡᠯᠢᠶᠡᠳ ᠰᠠᠶᠢᠨ᠂ ᠳᠠᠯᠳᠠ ᠬᠦᠴᠦᠨ ᠬᠢᠵᠠᠭᠠᠯᠠᠰᠢ ᠦᠭᠡᠢ ᠪᠠᠶᠢᠨ᠎ᠠ᠃ ᠣᠶᠢᠯᠠᠭᠠᠭᠰᠠᠨ ᠢᠶᠠᠷ᠂ ᠪᠠᠷᠠᠭᠤᠨ ᠵᠢᠷᠢᠮ ᠪᠠᠯᠭᠠᠰᠤᠨ ᠤ ᠵᠢᠷᠢᠮ ᠭᠠᠴᠠᠭ᠎ᠠ ᠡᠮᠦᠨᠡᠬᠢ ᠬᠤᠭᠤᠴᠠᠭᠠᠨ ᠤ ᠲᠥᠯᠥᠪᠵᠢᠭᠦᠯᠪᠡ ᠪᠠ ᠪᠠᠶᠢᠴᠠᠭᠠᠨ ᠰᠤᠳᠤᠯᠤᠯᠲᠠ ᠪᠠᠷ ᠳᠠᠮᠵᠢᠨ᠂ 200 ᠡᠷᠦᠬᠡ 300 ᠭᠠᠷᠤᠢ ᠮᠦ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ ᠲᠣᠭᠲᠠᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠶᠠᠳᠠᠭᠤ ᠠᠴᠠ ᠠᠩᠭᠢᠵᠢᠷᠠᠭᠰᠠᠨ ᠡᠷᠦᠬᠡ ᠡᠷᠦᠬᠡ ᠪᠦᠷᠢ ᠳᠤ 1350 ᠲᠥᠭᠦᠷᠢᠭ ᠤᠨ ᠨᠥᠬᠦᠪᠥᠷᠢ ᠣᠯᠵᠤ᠂ ᠬᠢᠨᠠᠨ ᠬᠡᠮᠵᠢᠯᠲᠡ ᠶᠢᠨ ᠡᠷᠦᠬᠡ ᠡᠷᠦᠬᠡ ᠪᠦᠷᠢ ᠳᠤ ᠮᠦ ᠪᠦᠷᠢ ᠳᠤ 1500 ᠲᠥᠭᠦᠷᠢᠭ ᠤᠨ ᠨᠥᠬᠦᠪᠥᠷᠢ ᠣᠯᠭᠤᠨ᠎ᠠ᠃    ︽2024 ᠣᠨ ᠤ ᠪᠠᠷᠠᠭᠤᠨ ᠵᠢᠷᠢᠮ ᠪᠠᠯᠭᠠᠰᠤᠨ ᠤ 16 ᠭᠠᠴᠠᠭ᠎ᠠ ᠨᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠪᠦᠬᠦᠨ ᠢ ᠬᠠᠮᠤᠷᠴᠤ᠂ 406 ᠡᠷᠦᠬᠡ ᠳᠤ ᠬᠤᠯᠪᠣᠭᠳᠠᠵᠤ᠂ ᠨᠡᠶᠢᠲᠡ 881.19 ᠮᠦ ᠳᠤ ᠬᠤᠯᠪᠣᠭᠳᠠᠵᠤ᠂ ᠨᠥᠬᠦᠪᠥᠷᠢ ᠶᠢᠨ ᠵᠣᠭᠤᠰ ᠤᠨ ᠲᠤᠭ᠎ᠠ ᠨᠢ 105.9 ᠲᠦᠮᠡᠨ ᠲᠥᠭᠦᠷᠢᠭ ᠲᠤ ᠬᠦᠷᠴᠡᠢ᠃ ᠪᠠᠷᠠᠭᠤᠨ ᠵᠢᠷᠢᠮ ᠪᠠᠯᠭᠠᠰᠤ ᠬᠦᠷᠢᠶᠡᠨ ᠤ ᠠᠵᠤ ᠠᠬᠤᠢ ᠶᠢ ᠪᠣᠢ ᠪᠣᠯᠭᠠᠬᠤ ᠶᠢ ᠦᠷᠭᠦᠯᠵᠢᠯᠡᠨ ᠰᠦᠪᠡᠭᠴᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠨᠡᠩ ᠣᠯᠠᠨ ᠣᠯᠠᠨ ᠲᠦᠮᠡᠨ ᠢ ᠨᠥᠯᠥᠭᠡᠯᠡᠨ ᠳᠠᠶᠢᠴᠢᠯᠠᠵᠤ ᠣᠷᠣᠯᠴᠠᠭᠤᠯᠵᠤ᠂ ︿ᠬᠦᠷᠢᠶᠡᠨ ᠤ ᠠᠵᠤ ᠠᠬᠤᠢ﹀ ᠶᠢᠨ ᠬᠥᠭᠵᠢᠯᠲᠡ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠵᠤ᠂ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ︾ ᠭᠡᠵᠡᠢ᠃ ᠪᠠᠷᠠᠭᠤᠨ ᠵᠢᠷᠢᠮ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ ᠪᠤᠣ ᠮᠠᠨᠳᠤᠯ᠎ᠠ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号