ᠦᠨᠳᠦᠰᠦᠲᠡᠨ ᠤ ᠪᠦᠯᠬᠦᠮᠳᠡᠯ ᠬᠦᠴᠦᠨ ᠢ ᠨᠢᠭᠲᠠᠷᠠᠭᠤᠯᠵᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/10
   ᠣᠶᠢᠷ᠎ᠠ ᠶᠢᠨ ᠵᠢᠯ ᠠᠴᠠ᠂ ᠭᠤᠣᠯ ᠤᠨ ᠪᠠᠶᠢᠰᠢᠩ ᠪᠠᠯᠭᠠᠰᠤ ᠢᠮᠠᠭᠲᠠ ᠦᠨᠳᠦᠰᠦᠲᠡᠨ ᠤ ᠪᠦᠯᠬᠦᠮᠳᠡᠯ ᠢ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠴᠢᠬᠤᠯᠠ ᠠᠵᠢᠯ ᠪᠣᠯᠭᠠᠨ ᠠᠳᠬᠤᠵᠤ᠂ ᠦᠨᠳᠦᠰᠦᠲᠡᠨ ᠤ ᠠᠭᠤᠰᠤᠯᠴᠠᠯ ᠢᠶᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠪᠠᠷ ᠰᠠᠭᠤᠷᠢ ᠪᠣᠯᠭᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠥᠷᠯᠥᠭᠡ ᠡᠷᠲᠡ᠂ ᠭᠤᠣᠯ ᠤᠨ ᠪᠠᠶᠢᠰᠢᠩ ᠪᠠᠯᠭᠠᠰᠤᠨ ᠤ ᠶᠢᠨ ᠰᠢᠶᠠᠩ ᠭᠠᠴᠠᠭᠠᠨ ᠤ ᠦᠨᠳᠦᠰᠦᠲᠡᠨ ᠤ ᠪᠦᠯᠬᠦᠮᠳᠡᠯ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠩᠭᠢ ᠲᠣᠰᠬᠤᠨ ᠤ ᠠᠷᠠᠳ ᠰᠦᠷᠢᠨ᠎ᠠ ᠶᠢᠨ ᠭᠡᠷ ᠲᠤ ᠬᠦᠷᠴᠦ᠂ ᠲᠡᠭᠦᠨ ᠳᠤ ᠦᠨᠳᠦᠰᠦᠲᠡᠨ ᠤ ᠪᠦᠯᠬᠦᠮᠳᠡᠯ ᠤᠨ ᠡᠯ᠎ᠡ ᠵᠦᠢᠯ ᠤᠨ ᠴᠢᠬᠤᠯᠠ ᠠᠭᠤᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠤᠳᠠᠭ᠎ᠠ ᠠᠭᠤᠯᠵᠠᠭᠰᠠᠨ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠭᠦᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ︽ᠤᠬᠠᠭᠤᠯᠤᠨ ᠲᠠᠶᠢᠯᠪᠤᠷᠢᠯᠠᠬᠤ ᠠᠩᠭᠢ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠨ᠂ ᠪᠢᠳᠡ ᠨᠠᠮ ᠤᠨ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢ ᠨᠡᠩ ᠣᠶᠢᠯᠠᠭᠠᠪᠠ᠃ ᠭᠤᠣᠯ ᠤᠨ ᠪᠠᠶᠢᠰᠢᠩ ᠪᠠᠯᠭᠠᠰᠤᠨ ᠤ ᠶᠢᠨ ᠰᠢᠶᠠᠩ ᠭᠠᠴᠠᠭᠠᠨ ᠤ ᠠᠷᠠᠳ ᠰᠤᠷᠠᠨ᠎ᠠ ᠬᠡᠯᠡᠪᠡ᠃    ᠣᠶᠢᠷ᠎ᠠ ᠳᠤ᠂ ᠭᠤᠣᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭᠠᠨ ᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠭᠠᠴᠠᠭᠠᠨ ᠤ ᠭᠤᠣᠯᠳᠠᠯᠭ᠎ᠠ ᠲᠠᠢ ᠠᠵᠢᠯ ᠤᠨ ᠶᠠᠷᠢᠯᠴᠠᠬᠤ ᠬᠤᠷᠠᠯ ᠡᠬᠢᠯᠡᠵᠦ᠂ ᠬᠤᠷᠠᠯ ᠳᠤ ᠣᠷᠣᠯᠴᠠᠭᠰᠠᠨ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ᠂ ᠣᠯᠠᠨ ᠲᠦᠮᠡᠨ ᠤ ᠲᠥᠯᠥᠭᠡᠯᠡᠭᠴᠢ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠠᠴᠠᠭᠠᠨ ᠤ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠪᠦᠲᠦᠭᠡᠨ ᠪᠠᠶᠢᠭᠤᠯᠤᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠤ ᠳᠡᠭᠡᠭᠰᠢᠯᠡᠯᠲᠡ᠂ ᠠᠵᠤ ᠦᠢᠯᠡᠰ ᠤᠨ ᠬᠥᠭᠵᠢᠯᠲᠡ᠂ ︽ᠬᠠᠮᠤᠭ ᠤᠨ ᠭᠤᠶᠣ ᠠᠨᠠᠷ ᠤᠨ ᠦᠷ᠎ᠡ ᠶᠢᠨ ᠭᠡᠷ ᠪᠦᠯᠢ︾ ᠶᠢᠨ ᠵᠢᠱᠢᠶᠡᠴᠢ ᠶᠢ ᠰᠢᠯᠭᠠᠷᠠᠭᠤᠯᠬᠤ ᠵᠡᠷᠭᠡ ᠪᠣᠳᠠᠲᠠᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ︽ᠤᠴᠢᠷ ᠶᠠᠪᠤᠳᠠᠯ ᠪᠠᠶᠢᠪᠠᠯ ᠰᠠᠶᠢᠲᠤᠷ ᠵᠥᠪᠳᠡᠯᠴᠡᠬᠦ︾ ᠠᠭᠤᠷ ᠠᠮᠢᠰᠬᠤᠯ ᠢ ᠪᠣᠢ ᠪᠣᠯᠭᠠᠪᠠ᠃    ᠭᠦᠸᠧ ᠭᠤᠸᠠᠩ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠰᠢᠶᠣᠤ ᠵᠢᠶᠠᠨ᠄ ︽ᠮᠠᠨ ᠤ ᠭᠦᠸᠧ ᠭᠤᠸᠠᠩ ᠭᠠᠴᠠᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︿ᠠᠨᠠᠷ ᠤᠨ ᠦᠷ᠎ᠡ ᠮᠡᠲᠦ ᠪᠠᠷ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ﹀ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠭᠠᠴᠠᠭᠠᠨ ᠤ ︿ᠬᠤᠶᠠᠷ ᠵᠥᠪᠯᠡᠯ﹀ ᠤᠨ ᠺᠠᠳ᠋ᠷ᠂ ᠣᠯᠠᠨ ᠲᠦᠮᠡᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠭᠠᠴᠠᠭᠠᠨ ᠤ ᠡᠯ᠎ᠡ ᠲᠥᠷᠥᠯ ᠤᠨ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ︾ ᠭᠡᠵᠦ ᠬᠡᠯᠡᠪᠡ᠃    ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠬᠤ ᠨᠢ ᠮᠠᠰᠢ ᠴᠢᠬᠤᠯᠠ ᠶᠤᠮ᠂ ᠠᠵᠤ ᠦᠢᠯᠡᠰ ᠤᠨ ᠬᠥᠭᠵᠢᠯᠲᠡ ᠨᠢ ᠴᠦ ︽ᠨᠢᠭᠡ ᠯᠡ ᠳᠡᠭᠡᠷ᠎ᠡ ᠠᠳᠬᠤᠬᠤ︾ ᠬᠡᠷᠡᠭᠲᠡᠢ᠂ ᠭᠦᠸᠧ ᠭᠤᠸᠠᠩ ᠭᠠᠴᠠᠭᠠᠨ ᠤ ᠬᠥᠮᠦᠨ ᠮᠠᠯ ᠢ ᠰᠠᠯᠭᠠᠬᠤ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ᠂ ᠭᠠᠴᠠᠭᠠᠨ ᠤ 57 ᠬᠠᠮᠲᠤ ᠶᠢᠨ ᠠᠵᠤ ᠠᠬᠤᠢ ᠠᠲᠠ ᠪᠠᠶᠢᠨ᠎ᠠ᠃ ᠭᠦᠸᠧ ᠭᠤᠸᠠᠩ ᠭᠠᠴᠠᠭ᠎ᠠ ᠶᠢᠨ ᠬᠥᠮᠦᠨ ᠮᠠᠯ ᠢ ᠰᠠᠯᠭᠠᠬᠤ ᠲᠥᠷᠥᠯ ᠵᠦᠢᠯ ᠤᠨ ᠡᠵᠡᠯᠡᠬᠦ ᠲᠠᠯᠠᠪᠠᠢ ᠨᠢ 3.12 ᠲᠦᠮᠡᠨ ᠲᠡᠭᠰᠢ ᠳᠥᠷᠪᠡᠯᠵᠢᠨ ᠮᠧᠳ᠋ᠷ᠂ ᠶᠡᠭᠡ ᠳᠤᠮᠳᠠ ᠪᠠᠭ᠎ᠠ ᠬᠠᠰᠢᠶ᠎ᠠ 4 ᠰᠠᠭᠤᠷᠢ᠂ ᠡᠪᠡᠰᠦᠨ ᠪᠣᠭᠤᠯᠲᠠ ᠶᠢᠨ ᠬᠠᠳᠠᠭᠠᠯᠠᠭᠳᠠᠴᠠ ᠨᠢ 10000 ᠭᠠᠷᠤᠢ ᠪᠣᠭᠤᠵᠢ᠂ ᠬᠥᠬᠡ ᠳᠠᠷᠤᠰᠢ ᠶᠢᠨ ᠨᠥᠭᠡᠴᠡ ᠨᠢ 600 ᠪᠣᠰᠤᠭ᠎ᠠ ᠳᠥᠷᠪᠡᠯᠵᠢᠨ ᠮᠧᠳ᠋ᠷ᠂ ︽ᠲᠡᠵᠢᠭᠡᠨ ᠦᠷᠡᠵᠢᠭᠦᠯᠬᠦ ᠡᠷᠦᠬᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ︾ ︽ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ︾ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠣᠢ ᠪᠣᠯᠭᠠᠪᠠ᠃    ︽ᠳᠠᠷᠠᠭᠠᠴᠢ ᠶᠢᠨ ᠠᠯᠬᠤᠮ ᠳᠤ᠂ ᠪᠢᠳᠡ ᠨᠢᠭᠡᠳᠦᠮᠡᠯ ᠹᠷᠣᠨᠲ ᠤᠨ ᠠᠵᠢᠯ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠶᠡᠭᠡ ᠲᠠᠯ᠎ᠠ ᠳᠤ ᠦᠢᠯᠡᠴᠢᠯᠡᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠯᠭᠠᠰᠤᠨ ᠤ ᠨᠠᠮ ᠤᠨ ᠬᠤᠷᠢᠶ᠎ᠠ ᠪᠠᠷ ᠨᠢᠭᠡᠳᠦᠯᠲᠡᠢ ᠤᠳᠤᠷᠢᠳᠤᠭᠤᠯᠬᠤ ᠪᠠᠷ ᠬᠦᠴᠦᠯᠡᠨ ᠴᠢᠷᠮᠠᠶᠢᠨ᠎ᠠ᠃ ᠪᠠᠯᠭᠠᠰᠤᠨ ᠤ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠴᠤ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠵᠣᠬᠢᠴᠠᠭᠤᠯᠵᠤ᠂ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠦᠬᠦ ᠪᠠᠯᠭᠠᠰᠤ ᠬᠠᠮᠲᠤ ᠪᠠᠷ ᠣᠷᠣᠯᠴᠠᠭᠰᠠᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ︾ ᠭᠡᠵᠦ ᠭᠤᠤᠯ  ᠤᠨ ᠪᠠᠶᠢᠰᠢᠩ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠯᠢᠦ ᠴᠠᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号