ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠤ ︽ᠬᠤᠶᠠᠷ ᠪᠦᠲᠦᠭᠡᠭᠳᠡᠬᠦᠨ ᠨᠢᠭᠡ ᠮᠠᠰᠢᠨ︾ ᠤᠨ ᠠᠵᠢᠯ ᠡᠷᠬᠢᠯᠡᠭᠰᠡᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/7/10
    ︽ᠬᠤᠶᠠᠷ ᠦᠢᠯᠡᠳᠬᠦᠨ ᠨᠢᠭᠡ ᠮᠠᠰᠢᠨ︾ ᠢ ᠡᠵᠡᠩᠨᠡᠵᠦ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠠᠵᠢᠯᠯᠠᠭᠰᠠᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠡᠵᠡᠩᠨᠡᠵᠦ ᠬᠡᠷᠡᠭᠯᠡᠬᠦ ᠣᠨᠣᠯᠵᠢᠬᠤᠨ ᠢ ᠪᠠᠲᠤ ᠪᠠᠬᠢ ᠪᠤᠢ ᠪᠣᠯᠭᠠᠨ᠎ᠠ᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠦᠢᠯᠡᠳᠬᠦᠨ ᠨᠢᠭᠡ ᠮᠠᠰᠢᠨ︾ ᠠᠵᠢᠯᠯᠠᠭ ᠰᠠᠳ ᠤᠨ ᠬᠠᠤᠯᠢ ᠲᠦᠭᠡᠮᠡᠯᠵᠢᠭᠦᠯᠬᠦ ᠪᠣᠯᠪᠠᠰᠤᠷᠠᠯ ᠥᠷᠨᠢᠭᠦᠯᠵᠦ᠂ 400 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃    ᠲᠤᠰ ᠤᠳᠠᠭᠠᠨ ᠤ ᠪᠣᠯᠪᠠᠰᠤᠷᠠᠭᠤᠯᠤᠯ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ︾᠂ ︽ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾᠂ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾᠂ ︽ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ᠂ ᠲᠤᠰ ᠬᠠᠷᠢᠶ᠎ᠠ ᠣᠷᠣᠨ ᠤ ᠪᠠᠨ ᠡᠵᠡᠩᠨᠡᠵᠦ ᠬᠡᠷᠡᠭᠯᠡᠬᠦ ᠪᠣᠳᠠᠲᠠᠢ ᠬᠠᠮᠢᠶ᠎ᠠ ᠪᠦᠬᠦᠢ ᠵᠦᠢᠯ ᠵᠤᠷᠪᠤᠰ ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠭᠤᠣᠯᠳᠠᠯᠭ᠎ᠠ ᠲᠠᠢ ᠨᠠᠷᠢᠨ ᠲᠠᠶᠢᠯᠤᠮᠵᠢ ᠬᠢᠪᠡ᠃ ᠡᠭᠦᠨ ᠤ ᠬᠠᠮᠲᠤ᠂ ᠬᠤᠶᠠᠷ ᠯᠧᠺᠲ᠋ᠣᠷ ᠡᠵᠡᠩᠨᠡᠯᠲᠡ ᠬᠡᠷᠡᠭᠯᠡᠯᠲᠡ ᠶᠢᠨ ᠭᠤᠭᠴᠤᠭ᠎ᠠ ᠳᠤ ᠠᠮᠠᠷᠬᠠᠨ ᠭᠠᠷᠴᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠵᠠᠳᠠᠯᠤᠯᠲᠠ ᠬᠢᠵᠦ᠂ ᠰᠡᠷᠡᠮᠵᠢᠯᠡᠭᠦᠯᠬᠦ ᠬᠥᠮᠦᠵᠢᠯ ᠬᠢᠵᠦ᠂ ᠡᠯ᠎ᠡ ᠡᠵᠡᠩᠨᠡᠯᠲᠡ ᠬᠡᠷᠡᠭᠯᠡᠯᠲᠡ ᠶᠢᠨ ᠨᠢᠭᠡᠴᠡ ᠶᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠲᠤᠰ ᠪᠡᠶ᠎ᠡ ᠶᠢᠨ ᠡᠵᠡᠩᠨᠡᠯᠲᠡ ᠬᠡᠷᠡᠭᠯᠡᠯᠲᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号