ᠬᠤᠰᠢᠭᠤᠨ ᠳᠡᠳ᠋ ᠳᠠᠷᠤᠭ᠎ᠠ ᠯᠢ ᠵᠢᠩ ᠭᠤᠸᠠᠩ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/10
   7 ᠰᠠᠷ᠎ᠠ ᠶᠢᠨ 8 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠩ ᠭᠤᠸᠠᠩ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠳᠠᠷᠤᠭ᠎ᠠ ᠬᠤᠷᠴᠠ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠪᠠᠯᠭᠠᠰᠤᠨ ᠤ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ᠂ ᠭᠠᠴᠠᠭᠠᠨ ᠤ ᠱᠦᠵᠢ ᠪᠠᠷ᠎ᠠ ᠪᠣᠯᠪᠠ᠃    ᠯᠢ ᠵᠢᠩ ᠭᠤᠸᠠᠩ ᠨᠠᠷ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ G334 ᠤᠯᠤᠰ ᠤᠨ ᠵᠠᠮ ᠤᠨ ᠰᠠᠩ ᠤᠨ ᠪᠤᠳᠠᠭ᠎ᠠ ᠭᠠᠴᠠᠭᠠᠨ ᠤ ᠬᠢᠯᠢ ᠳᠣᠲᠣᠷᠠᠬᠢ ᠲᠠᠲᠠᠪᠤᠷᠢᠯᠠᠨ ᠨᠤᠷᠠᠭᠠᠬᠤ ᠠᠵᠢᠯ ᠢ ᠥᠷᠨᠢᠭᠦᠯᠦᠭᠰᠡᠨ᠂ ᠪᠠᠷᠢᠯᠭ᠎ᠠ ᠶᠢᠨ ᠠᠬᠢᠴᠠ ᠵᠢᠴᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠭᠰᠠᠨ ᠪᠥᠭᠡᠳ ᠵᠢᠯᠣᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃    ᠯᠢ ᠵᠢᠩ ᠭᠤᠸᠠᠩ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠲᠠᠲᠠᠪᠤᠷᠢᠯᠠᠨ ᠨᠤᠷᠠᠭᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠡᠭᠦᠰᠴᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠤᠨ ᠠᠬᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠠᠵᠢᠯ ᠢ ᠴᠠᠭ ᠬᠤᠭᠤᠴᠠᠭ᠎ᠠ ᠶᠣᠰᠣᠭᠠᠷ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号