ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠧᠢ ᠫᠢᠩ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/10
   7 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠧᠢ ᠫᠢᠩ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠪᠠᠷ᠎ᠠ ᠪᠣᠯᠪᠠ᠃    ᠵᠢᠶᠠᠩ ᠪᠧᠢ ᠫᠢᠩ ᠭᠤᠣᠯ ᠤᠨ ᠪᠠᠶᠢᠰᠢᠩ ᠪᠠᠯᠭᠠᠰᠤ ᠶᠢᠨ ᠶᠡᠬᠡᠳᠣᠪᠤ ᠭᠠᠴᠠᠭ᠎ᠠ ᠪᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠭᠤᠣᠯ ᠤᠨ ᠪᠠᠶᠢᠰᠢᠩ ᠪᠠᠯᠭᠠᠰᠤ ᠶᠢᠨ ᠢᠯᠡ ᠡᠯᠡᠰᠦᠷᠬᠡᠭ ᠭᠠᠵᠠᠷ ᠤᠨ ᠣᠳᠣᠬᠢ ᠪᠠᠶᠢᠳᠠᠯ᠂ ᠵᠣᠬᠢᠴᠠᠩᠭᠤᠢ ᠵᠠᠰᠠᠯᠲᠠ ᠶᠢᠨ ᠠᠷᠭ᠎ᠠ ᠬᠡᠮᠵᠢᠶ᠎ᠡ ᠵᠢᠴᠢ ᠣᠳᠣᠬᠢ ᠱᠠᠲᠤᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠢ ᠱᠠᠲᠤᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠴᠠᠢ᠃    ᠵᠢᠶᠠᠩ ᠪᠧᠢ ᠫᠢᠩ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠢ ᠰᠠᠶᠢᠲᠤᠷ ᠬᠢᠵᠦ᠂ ᠪᠦᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠡᠯᠡᠰᠦ ᠶᠢ ᠵᠠᠰᠠᠬᠤ ᠰᠢᠰᠲ᠋ᠧᠮ ᠲᠠᠢ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠪᠠᠶᠢᠭᠠᠯᠢ ᠶᠢᠨ ᠵᠢᠮ᠎ᠡ ᠶᠣᠰᠣ ᠪᠠ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠭᠦᠨᠵᠡᠭᠡᠢ ᠰᠤᠳᠤᠯᠵᠤ᠂ ᠥᠩᠭᠡᠷᠡᠭᠰᠡᠨ ᠤ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ᠂ ᠠᠳᠠᠯᠢ ᠪᠤᠰᠤ ᠡᠯᠡᠰᠦᠷᠬᠡᠭ ᠭᠠᠵᠠᠷ ᠤᠨ ᠰᠢᠨᠵᠢ ᠴᠢᠨᠠᠷ᠂ ᠡᠯᠡᠰᠦᠷᠬᠡᠭᠵᠢᠯ ᠤᠨ ᠬᠡᠮᠵᠢᠶ᠎ᠡ ᠳᠤ ᠴᠢᠭᠯᠡᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠣᠯᠠᠨ ᠲᠦᠮᠡᠨ ᠤ ᠣᠷᠣᠯᠴᠠᠬᠤ᠂ ᠡᠯᠡᠰᠦ ᠶᠢ ᠵᠠᠰᠠᠵᠤ ᠪᠠᠶᠢᠩᠭᠤᠵᠢᠭᠤᠯᠬᠤ ᠵᠡᠷᠭᠡ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠰᠠᠶᠢᠲᠤᠷ ᠬᠢᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号