ᠳᠥᠷᠥᠯᠵᠢ ᠪᠠᠯᠭᠠᠰᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠵᠢᠴᠢ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠣᠯᠪᠠᠰᠤᠷᠠᠯ ᠤᠨ ᠠᠩᠭᠢ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/11
   ᠪᠦᠬᠦ ᠪᠠᠯᠭᠠᠰᠤᠨ ᠤ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠮᠡᠷᠭᠡᠵᠢᠯ ᠤᠨ ᠠᠵᠢᠯᠯᠠᠭᠠᠨ ᠤ ᠬᠢᠷᠢ ᠲᠦᠪᠰᠢᠨ ᠵᠢᠴᠢ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠳᠠᠯᠳᠠ ᠭᠡᠮ ᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ᠣᠶᠢᠷ᠎ᠠ ᠶᠢᠨ ᠡᠳᠦᠷ ᠤᠳ ᠲᠤ᠂ ᠳᠥᠷᠥᠯᠵᠢ ᠪᠠᠯᠭᠠᠰᠤᠨ ᠤ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠡᠯ᠎ᠡ ᠭᠠᠴᠠᠭ᠎ᠠ ᠳᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠵᠢᠴᠢ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ᠃    ᠪᠣᠯᠪᠠᠰᠤᠷᠠᠭᠤᠯᠤᠯ ᠨᠢ ᠲᠥᠪᠯᠡᠷᠡᠭᠦᠯᠦᠨ ᠬᠢᠴᠢᠶᠡᠯᠯᠡᠬᠦ᠂ ᠲᠠᠷᠢᠶᠠᠯᠠᠩ ᠤᠨ ᠮᠧᠬᠠᠨᠢᠭ ᠤᠨ ᠪᠣᠳᠠᠲᠤ ᠠᠵᠢᠯᠯᠠᠭᠠᠨ ᠤ ᠪᠣᠯᠪᠠᠰᠤᠷᠠᠯ᠂ ᠲᠥᠪᠯᠡᠷᠡᠭᠦᠯᠦᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠡᠨᠡ ᠬᠤᠭᠤᠴᠠᠭᠠᠨ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠠᠰᠢᠨ ᠤ ᠲᠠᠰᠤᠭ ᠤᠨ ᠪᠠᠭᠰᠢ ᠨᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠠᠰᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠠᠮᠤᠷ ᠲᠦᠪᠰᠢᠨ ᠢᠶᠠᠷ ᠵᠢᠯᠣᠭᠤᠳᠬᠤ ᠵᠢᠴᠢ ᠪᠠᠶᠢᠩᠭᠤ ᠲᠣᠬᠢᠶᠠᠯᠳᠤᠬᠤ ᠬᠠᠷᠰᠢ ᠰᠠᠭᠠᠳ᠂ ᠠᠮᠤᠷ ᠲᠦᠪᠰᠢᠨ ᠤ ᠳᠠᠯᠳᠠ ᠭᠡᠮ ᠢ ᠮᠠᠭᠠᠳᠯᠠᠬᠤ ᠪᠠ ᠠᠷᠢᠯᠭᠠᠬᠤ ᠵᠡᠷᠭᠡ ᠣᠨᠣᠯ ᠤᠨ ᠮᠡᠳᠡᠯᠭᠡ ᠪᠠ ᠵᠢᠯᠣᠭᠤᠳᠬᠤ ᠮᠡᠷᠭᠡᠵᠢᠯ ᠤᠨ ᠭᠤᠣᠯᠳᠠᠯᠭ᠎ᠠ ᠶᠢ ᠨᠠᠷᠢᠨ ᠲᠠᠶᠢᠯᠪᠤᠷᠢᠯᠠᠪᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠰᠤᠷᠤᠭᠴᠢᠳ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠦᠨᠡᠮᠯᠡᠯ ᠤᠨ ᠰᠢᠯᠭᠠᠯᠲᠠ ᠳᠤ ᠣᠷᠣᠯᠴᠠᠵᠤ᠂ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠲᠤ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠦᠨᠡᠮᠯᠡᠯ ᠣᠯᠭᠤᠪᠠ᠃    ᠲᠤᠰ ᠬᠤᠭᠤᠴᠠᠭᠠᠨ ᠤ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠬᠦ ᠪᠠᠷ ᠳᠠᠮᠵᠢᠭᠤᠯᠤᠨ᠂ ᠪᠣᠯᠪᠠᠰᠤᠷᠠᠭᠤᠯᠤᠯ ᠤᠨ ᠭᠡᠷᠡᠴᠢᠯᠡᠯ ᠳᠤ ᠣᠷᠣᠯᠴᠠᠭᠰᠠᠨ ᠲᠠᠷᠢᠶᠠᠯᠠᠩ ᠤᠨ ᠮᠠᠰᠢᠨ ᠤ ᠵᠢᠯᠣᠭᠤᠴᠢ ᠲᠠᠷᠢᠶᠠᠯᠠᠩ ᠤᠨ ᠮᠠᠰᠢᠨ ᠤ ᠬᠠᠮᠢᠶ᠎ᠠ ᠪᠦᠬᠦᠢ ᠣᠨᠣᠯ ᠤᠨ ᠮᠡᠳᠡᠯᠭᠡ ᠵᠢᠴᠢ ᠵᠢᠯᠣᠭᠤᠳᠤᠨ ᠠᠵᠢᠯᠯᠠᠭᠤᠯᠬᠤ ᠮᠡᠷᠭᠡᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠵᠢᠷᠤᠮᠵᠢᠭᠰᠠᠨ ᠠᠵᠢᠯᠯᠠᠬᠤ ᠲᠠᠷᠢᠶᠠᠯᠠᠩ ᠤᠨ ᠮᠠᠰᠢᠨ ᠪᠠᠭᠠᠵᠢ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠲᠠᠷᠢᠶᠠᠯᠠᠩ ᠤᠨ ᠮᠧᠬᠠᠨᠢᠭ ᠲᠤ ᠪᠦᠬᠦ ᠪᠠᠯᠭᠠᠰᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠩᠭ᠎ᠠ ᠬᠦᠴᠦᠲᠡᠢ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号