ᠳᠥᠷᠥᠯᠵᠢ ᠪᠠᠯᠭᠠᠰᠤ ᠮᠠᠯᠴᠢᠨ ᠲᠠᠷᠢᠶᠠᠴᠢᠨ ᠤ ᠰᠣᠶᠣᠯ ᠤᠷᠠᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
   ᠣᠶᠢᠷ᠎ᠠ ᠳᠤ᠂ ᠳᠥᠷᠥᠯᠵᠢ ᠪᠠᠯᠭᠠᠰᠤ ︽ᠳᠠᠪᠠᠭᠠᠨ ᠳᠠᠬᠢ ᠬᠢᠩᠭᠠᠨ ᠤ ︿ᠰᠣᠶᠣᠯ﹀ ᠤᠮᠠᠷᠠᠲᠤ ᠬᠢᠯᠢ ᠶᠢ ᠳᠤᠯᠠᠭᠠᠯᠠᠬᠤ︾ ᠵᠢᠴᠢ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠬᠥᠳᠡᠭᠡ ᠲᠣᠰᠬᠤᠨ · ᠪᠢᠳᠡᠨ ᠤ ᠲᠠᠪᠴᠠᠩ︾ ᠤᠨ ᠮᠠᠯᠴᠢᠨ ᠲᠠᠷᠢᠶᠠᠴᠢᠨ ᠤ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠠᠭᠤᠯᠭ᠎ᠠ ᠳᠤ ᠤᠯᠠᠮᠵᠢᠯᠠᠯᠲᠤ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ᠂ ᠲᠣᠭᠯᠠᠭᠠᠮ ᠤᠨ ᠦᠢᠯᠡᠳᠦᠯᠴᠡᠯ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠭᠤᠭᠴᠤᠭ᠎ᠠ ᠶᠢ ᠪᠠᠭᠲᠠᠭᠠᠵᠤ᠂ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠲᠣᠭᠯᠠᠯᠲᠠ ᠪᠠᠷ ᠳᠠᠮᠵᠢᠭᠤᠯᠤᠨ᠂ ᠣᠯᠠᠨ ᠲᠦᠮᠡᠨ ᠤ ᠵᠤᠭ᠎ᠠ ᠴᠡᠩᠭᠡᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃    ᠳᠥᠷᠥᠯᠵᠢ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠰᠤᠷᠤᠯᠴᠠᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠂ ᠤᠬᠠᠭᠤᠯᠤᠨ ᠲᠠᠶᠢᠯᠪᠤᠷᠢᠯᠠᠬᠤ ᠪᠠ ᠤᠳᠬ᠎ᠠ ᠤᠷᠠᠯᠢᠭ ᠤᠨ ᠠᠵᠢᠯᠯᠠᠭ᠎ᠠ ᠶᠢ ᠤᠶᠠᠯᠳᠤᠭᠤᠯᠵᠤ᠂ ᠨᠠᠮ ᠤᠨ ᠲᠥᠷᠥ ᠶᠢᠨ ᠪᠣᠳᠣᠯᠭ᠎ᠠ ᠶᠢ ᠲᠣᠭᠯᠠᠯᠲᠠ ᠪᠠᠷ ᠳᠠᠮᠵᠢᠭᠤᠯᠤᠨ ᠰᠡᠳᠬᠢᠯ ᠵᠢᠷᠦᠬᠡᠨ ᠳᠤ ᠬᠠᠳᠠᠩᠰᠢᠭᠤᠯᠵᠤ᠂ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠪᠠᠰᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠨᠠᠮ ᠤᠨ ᠳᠠᠭᠤᠨ ᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠪᠡ᠃    ᠳᠥᠷᠥᠯᠵᠢ ᠪᠠᠯᠭᠠᠰᠤ ᠠᠷᠠᠳ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠡᠯᠪᠡᠭ ᠪᠠᠶᠠᠯᠢᠭ ᠣᠯᠠᠨ ᠶᠠᠩᠵᠤ ᠶᠢᠨ᠂ ᠣᠯᠠᠨ ᠲᠦᠮᠡᠨ ᠲᠠᠢ ᠤᠢᠢᠷᠠᠳᠤᠭᠰᠠᠨ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠤᠳᠬ᠎ᠠ ᠤᠷᠠᠯᠢᠭ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠢᠳᠡᠪᠬᠢᠲᠡᠢ ᠥᠭᠡᠳᠡᠯᠡᠨ ᠳᠠᠪᠰᠢᠬᠤ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号