ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠵᠤ ᠨᠢᠭᠡ ᠢᠵᠢ ᠬᠦᠰᠦᠨᠦᠭᠲᠦ ᠶᠢᠨ ᠨᠢᠭᠡᠴᠡ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠵᠢᠴᠢ ᠵᠢᠷᠤᠮᠵᠢᠭᠤᠯᠤᠭᠰᠠᠨ ᠰᠢᠶᠠᠩ ᠪᠠᠯᠭᠠᠰᠤᠨ ᠤ ᠰᠢᠯᠭᠠᠨ ᠠᠪᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/11
   7 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠴᠢ ᠶᠢᠨ ᠸᠧᠨ ᠯᠢ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠵᠤ ᠨᠢᠭᠡ ᠢᠵᠢ ᠬᠦᠰᠦᠨᠦᠭᠲᠦ ᠶᠢᠨ ᠨᠢᠭᠡᠴᠡ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠵᠢᠴᠢ ᠵᠢᠷᠤᠮᠵᠢᠭᠤᠯᠤᠭᠰᠠᠨ ᠰᠢᠶᠠᠩ ᠪᠠᠯᠭᠠᠰᠤᠨ ᠤ ᠰᠢᠯᠭᠠᠨ ᠠᠪᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠧᠨ ᠴᠢᠩ ᠬᠤᠸᠠ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠰᠢᠶᠣᠤ ᠭᠠᠩ ᠵᠢᠴᠢ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠥᠮᠦᠰ ᠪᠠᠷ᠎ᠠ ᠪᠣᠯᠪᠠ᠃    ᠪᠠᠶᠢᠴᠠᠭᠠᠬᠤ ᠳᠤᠭᠤᠶᠢᠯᠠᠩ ᠤᠷᠢᠳᠠᠪᠠᠷ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ ᠨᠢᠭᠡ ᠢᠵᠢ ᠬᠦᠰᠦᠨᠦᠭᠲᠦ ᠶᠢᠨ ᠶᠠᠰᠤ ᠴᠢᠨᠠᠷ ᠤᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠬᠤ ᠮᠡᠳᠡᠭᠦᠯᠦᠯᠲᠡ ᠶᠢᠨ ᠬᠦᠰᠦᠨᠦᠭᠲᠦ ᠪᠠ ᠡᠵᠡᠩᠨᠡᠯᠲᠡ ᠶᠢᠨ ᠦᠨᠡᠮᠯᠡᠯ ᠢ ᠦᠨᠳᠦᠰᠦᠯᠡᠨ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠲᠥᠷᠥᠯ ᠬᠡᠯᠪᠡᠷᠢ᠂ ᠡᠵᠡᠩᠨᠡᠯᠲᠡ ᠶᠢᠨ ᠪᠠᠶᠢᠳᠠᠯ᠂ ᠨᠢᠭᠲᠠᠯᠠᠨ ᠪᠣᠳᠣᠬᠤ ᠪᠠᠷᠢᠮᠵᠢᠶ᠎ᠠ ᠶᠢᠨ ᠲᠥᠷᠥᠯ ᠢᠯᠭᠠᠯ ᠢ ᠬᠡᠷᠡᠭᠵᠢᠭᠦᠯᠬᠦ ᠵᠡᠷᠭᠡ ᠭᠦᠢᠴᠡᠳᠬᠡᠯ ᠲᠤᠭ᠎ᠠ ᠶᠢ ᠬᠠᠷᠭᠤᠭᠤᠯᠤᠨ ᠪᠠᠶᠢᠴᠠᠭᠠᠨ᠎ᠠ᠃    ᠳᠠᠷᠠᠭ᠎ᠠ ᠨᠢ ᠪᠠᠶᠠᠨᠬᠤᠰᠢᠭᠤ ᠪᠠᠯᠭᠠᠰᠤᠨ ᠳᠤ ᠬᠦᠷᠴᠦ ᠵᠢᠷᠤᠮᠵᠢᠭᠰᠠᠨ ᠰᠤᠮᠤ ᠪᠠᠯᠭᠠᠰᠤᠨ ᠤ ᠰᠢᠯᠭᠠᠨ ᠠᠪᠬᠤ ᠠᠵᠢᠯ ᠢ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯᠲᠠᠨ ᠤ ᠲᠣᠬᠢᠷᠠᠭᠤᠯᠤᠯᠲᠠ᠂ ᠭᠠᠴᠠᠭᠠᠨ ᠤ ᠲᠤᠭ᠎ᠠ ᠪᠦᠷᠢᠳᠬᠡᠯ ᠤᠨ ᠠᠵᠢᠯᠲᠠᠨ ᠤ ᠡᠯᠧᠺᠳ᠋ᠷᠣᠨ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ᠂ ᠲᠤᠭ᠎ᠠ ᠪᠦᠷᠢᠳᠬᠡᠯ ᠤᠨ ᠡᠬᠡ ᠳᠠᠩᠰᠠ᠂ ᠳᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠲᠠ᠂ ᠵᠠᠷᠤᠳᠠᠯ ᠤᠨ ᠲᠥᠰᠦᠪ ᠵᠢᠴᠢ ᠲᠤᠭ᠎ᠠ ᠪᠦᠷᠢᠳᠬᠡᠯ ᠤᠨ ᠲᠤᠰᠬᠠᠢ ᠰᠦᠯᠵᠢᠶᠡᠨ ᠤ ᠬᠡᠷᠡᠭᠯᠡᠯᠲᠡ ᠵᠡᠷᠭᠡ ᠪᠠᠶᠢᠳᠠᠯ ᠢ ᠵᠦᠢᠯ ᠳᠠᠷᠠᠭᠠᠯᠠᠨ ᠰᠢᠯᠭᠠᠨ ᠠᠪᠴᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ᠂ ᠨᠡᠷᠡᠰ ᠤᠨ ᠵᠢᠭᠰᠠᠭᠠᠯᠲᠠ ᠶᠢᠨ ᠬᠠᠮᠠᠭᠠᠯᠠᠯᠲᠠ᠂ ᠲᠣᠰᠬᠤᠨ ᠤ ᠺᠠᠷᠲ ᠵᠡᠷᠭᠡ ᠡᠯ᠎ᠡ ᠵᠦᠢᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠳᠡᠭᠡᠭᠰᠢ ᠮᠡᠳᠡᠭᠦᠯᠬᠦ ᠵᠢᠴᠢ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠪᠠ᠃    ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠦᠷᠭᠦᠯᠵᠢᠯᠡᠨ ᠬᠠᠷᠠᠯᠲᠠ ᠪᠣᠯᠭᠠᠵᠤ᠂ ᠲᠤᠭ᠎ᠠ ᠪᠦᠷᠢᠳᠬᠡᠯ ᠤᠨ ᠴᠢᠳᠠᠪᠤᠷᠢ ᠶᠢᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号