7 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ | ᠤᠰᠤᠨ ᠲᠤᠲᠤᠷᠭ᠎ᠠ ᠶᠢᠨ ᠤᠷᠭᠤᠴᠠ ᠰᠠᠶᠢᠨ ᠪᠠᠶᠢᠵᠤ᠂ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ | ᠲᠠᠷᠢᠮᠠᠯ ᠤᠨ ᠡᠷᠦᠭᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠠᠷᠢᠶ᠎ᠠ ᠶᠢᠨ ᠤᠰᠤᠨ ᠲᠤᠲᠤᠷᠭ᠎ᠠ | ᠲᠠᠷᠢᠵᠤ ᠦᠢᠯᠡᠳᠪᠦᠷᠢᠯᠡᠬᠦ ᠪᠠ ᠤᠰᠤᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ | ᠣᠶᠢᠯᠠᠭᠠᠵᠤ᠂ ᠡᠵᠡᠩᠨᠡᠯᠲᠡ ᠶᠢᠨ ᠡᠷᠦᠭᠡ ᠶᠢ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ | ᠲᠡᠮᠳᠡᠭᠵᠢᠯᠲᠡ ᠶᠢᠨ ᠲᠠᠯ᠎ᠠ ᠪᠠᠷ ᠬᠦᠴᠦ ᠣᠷᠣᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ ᠲᠦᠷᠦᠯ ᠲᠡᠮᠳᠡᠭ ᠢ | ᠪᠤᠶᠢᠵᠢᠭᠤᠯᠵᠤ᠂ ᠰᠠᠶᠢᠨ ᠲᠤᠳᠤᠷᠭ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ | ᠲᠦᠮᠡᠨ ᠳᠤ ᠨᠡᠩ ᠤᠯᠠᠨ ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠲᠡᠷᠡ ᠠᠵᠤ ᠦᠢᠯᠡᠰ ᠤᠨ ᠬᠦᠷᠢᠶᠡᠯᠡᠩ ᠤᠨ | ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ | ᠬᠡᠷᠡᠭᠯᠡᠭᠡᠨ ᠤ ᠪᠠᠶᠢᠳᠠᠯ ᠢ ᠣᠶᠢᠯᠠᠭᠠᠪᠠ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ | ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠪᠠᠶᠢᠬᠤ ᠶᠢ ᠣᠶᠢᠯᠠᠭᠠᠭᠠᠳ ᠲᠡᠷᠡ ᠮᠠᠰᠢ ᠪᠠᠶᠠᠷᠯᠠᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠢ ᠥᠭᠦᠯᠡᠯ ᠢᠶᠠᠨ ᠡᠬᠡ ᠭᠠᠵᠠᠷ ᠲᠡᠭᠡᠷ᠎ᠡ ᠪᠢᠴᠢᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠬᠦᠴᠦᠨ ᠴᠢᠳᠠᠯ ᠤᠯᠭᠤᠲᠤᠭᠠᠢ ᠭᠡᠵᠦ | ᠵᠣᠷᠢᠭᠵᠢᠭᠤᠯᠪᠠ᠃ | ᠲᠡᠮᠡᠬᠡᠯᠵᠢ ᠶᠢᠨ ᠨᠤᠲᠤᠬ ᠪᠡᠯᠴᠢᠭᠡᠷ ᠢ ᠮᠠᠰᠢ ᠰᠠᠶᠢᠨ ᠬᠠᠮᠠᠭᠠᠯᠠᠵᠤ ᠪᠠᠶᠢᠬᠤ ᠶᠢ ᠦᠵᠡᠭᠡᠳ ᠸᠠᠩ ᠯᠢ ᠰᠢᠶᠠ᠂ | ᠪᠡᠯᠴᠢᠭᠡᠷ ᠤᠨ ᠲᠠᠭᠠᠭᠠᠴᠠ ᠪᠠᠷ ᠮᠠᠯ ᠤᠨ ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠮᠠᠯᠵᠢᠬᠤ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠵᠡᠷᠭᠡ ᠨᠤᠲᠤᠭ ᠪᠡᠯᠴᠢᠭᠡᠷ ᠤᠨ ᠳᠦᠷᠢᠮ ᠲᠣᠭᠲᠠᠭᠠᠯ ᠢ ᠭᠤᠶᠢᠪᠢᠰᠢ ᠦᠭᠡᠢ ᠰᠠᠶᠢᠲᠤᠷ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠦᠵᠡᠰᠭᠦᠯᠡᠩᠲᠦ ᠰᠠᠶᠢᠬᠠᠨ ᠪᠣᠯᠭᠠᠬᠤ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ᠂ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠪᠣᠯ ᠥᠪᠥᠷ ᠮᠣᠩᠭᠤᠯ ᠤᠨ ᠦᠶᠡᠷ ᠢ | ᠰᠡᠷᠭᠡᠶᠢᠯᠡᠬᠦ ᠬᠠᠮᠤᠭ ᠤᠨ ᠢᠳᠡ ᠠᠪᠬᠤ ᠴᠠᠭ ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠴᠤᠤᠯ ᠤᠰᠤᠨ | ᠴᠥᠭᠦᠷᠥᠮ ᠳᠤ ᠲᠤᠰᠬᠠᠶᠢᠯᠠᠨ ᠬᠦᠷᠴᠦ᠂ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ ᠤᠰᠤᠯᠠᠯᠲᠠ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ | ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ᠃ | ᠢᠨᠵᠧᠨᠧᠷᠢᠩ ᠤᠨ ᠴᠢᠨᠠᠷᠲᠠᠶ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠬᠠᠩᠰᠢ ᠶᠢᠨ | ᠲᠣᠭᠲᠠᠴᠠ ᠶᠢ ᠲᠡᠭᠦᠯᠳᠡᠷᠵᠢᠭᠦᠯᠦᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠪᠣᠯᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠭᠦᠯᠡᠩᠲᠦ ᠰᠠᠶᠢᠬᠠᠨ ᠥᠡᠭᠬᠡ ᠦᠵᠡᠮᠵᠢ ᠶᠢ | ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ | ᠬᠡᠷᠡᠭᠲᠡᠢ ᠭᠡᠵᠦ ᠱᠠᠭᠠᠷᠳᠠᠪᠠ᠃ | ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠬᠡᠷ ᠲᠤ᠂ ᠸᠠᠩ ᠯᠢ ᠰᠢᠶᠠ ᠲᠡᠭᠦᠨ ᠲᠠᠢ | ᠣᠷᠣᠯᠭ᠎ᠠ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠡᠮᠴᠢᠯᠡᠭᠡ ᠡᠮ ᠡᠮᠨᠡᠯᠭᠡ ᠶᠢᠨ ᠳᠠᠭᠠᠳᠬᠠᠯ᠂ ᠬᠡᠷ | ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠶ ᠶᠢᠨ ᠭᠠᠵᠠᠷ ᠤᠨ ᠬᠢᠨ ᠳᠤ | ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ | ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠦᠷᠭᠦᠯᠵᠢᠯᠡᠨ ᠮᠡᠳᠡᠷᠡᠭᠦᠯᠵᠦ᠂ ᠲᠡᠲᠡᠨ ᠢ ᠠᠮᠢᠳᠤᠷᠠᠯ ᠳᠠᠭᠠᠨ ᠨᠠᠩ | ᠢᠲᠡᠭᠡᠯ ᠲᠠᠢ᠂ ᠨᠠᠩ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠶ ᠭᠡᠵᠦ ᠵᠠᠬᠢᠪᠠ᠃ | ᠲᠡᠷᠡ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠤᠰᠢᠶᠠᠯ ᠡᠭᠦᠷᠭᠡᠯᠡᠵᠦ ᠪᠠᠶᠢᠭ᠎ᠠ | ᠪᠡᠭᠡᠵᠢᠩ ᠤᠨ ᠲᠤᠰᠬᠠᠢ ᠮᠡᠷᠭᠡᠵᠢᠯᠲᠡᠨ ᠢ ᠡᠷᠬᠢᠨ ᠦᠵᠡᠵᠦ᠂ ᠲᠡᠳᠡᠨ ᠢ ᠪᠤᠤᠭᠢᠶ᠎ᠠ ᠪᠠᠨ ᠰᠠᠶᠢᠲᠤᠷ ᠳᠠᠮᠵᠢᠭᠤᠯᠵᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠲᠤᠬᠡᠢ ᠭᠡᠵᠦ ᠵᠣᠷᠢᠭᠵᠢᠭᠤᠯᠪᠠ᠃ | | |