ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/12
   7 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠬᠤᠸᠠᠩ ᠲᠤᠤ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠾᠧ ᠱᠧᠩ᠂ ᠬᠤᠰᠢᠭᠤᠨ ᠤ ᠤᠳᠤᠷᠢᠳᠤᠯᠭ᠎ᠠ ᠸᠠᠩ ᠬᠠᠢ ᠶᠢᠩ᠂ ᠪᠠᠭᠠᠲᠤᠷ᠂ ᠹᠧᠩ ᠵᠢᠶᠠᠨ ᠵᠦᠩ᠂ ᠵᠢᠶᠠᠩ ᠪᠧᠢ ᠫᠢᠩ᠂ ᠮᠧᠨ ᠴᠤᠸᠠᠨ ᠮᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠦᠯᠢᠶᠡᠮᠤᠳᠤ ᠡᠷᠡᠭᠦᠯ ᠬᠠᠮᠠᠭᠠᠯᠠᠯ ᠤᠨ ᠬᠤᠷᠢᠶ᠎ᠠ᠂ ᠳᠠᠶᠢᠴᠢᠨᠲᠠᠯ᠎ᠠ ᠰᠤᠮᠤ ᠶᠢᠨ ᠳᠠᠶᠢᠴᠢᠨᠲᠠᠯ᠎ᠠ ᠭᠠᠴᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ᠂ ᠭᠤᠣᠯ ᠤᠨ ᠪᠠᠶᠢᠰᠢᠩ ᠪᠠᠯᠭᠠᠰᠤᠨ ᠤ ᠬᠤᠸᠠᠳᠤᠪᠤ ᠭᠠᠴᠠᠭ᠎ᠠ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠠᠷᠭ᠎ᠠ ᠬᠡᠯᠪᠡᠷᠢ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ᠂ ᠦᠬᠡᠷ ᠤᠨ ᠠᠵᠤ ᠦᠢᠯᠡᠰ ᠤᠨ ᠬᠥᠭᠵᠢᠯᠲᠡ᠂ ᠡᠯᠡᠰᠦᠷᠬᠡᠭ ᠭᠠᠵᠠᠷ ᠢ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠪᠣᠯᠭᠤᠭᠠᠨ ᠲᠣᠬᠤᠨᠢᠭᠤᠯᠪᠠ᠃    ᠳᠠᠷᠠᠭ᠎ᠠ ᠨᠢ᠂ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠬᠠᠮᠲᠤᠷᠠᠭᠰᠠᠨ ᠬᠤᠷᠠᠯ ᠵᠢᠴᠢ ᠭᠡᠷ᠎ᠡ ᠲᠣᠭᠲᠠᠵᠤ ᠪᠡᠯᠡᠭᠯᠡᠨ ᠬᠦᠷᠭᠡᠬᠦ ᠶᠣᠰᠣᠯᠠᠯ ᠢ ᠬᠤᠷᠠᠯᠳᠤᠭᠤᠯᠪᠠ᠃    ᠬᠤᠷᠠᠯ ᠳᠡᠭᠡᠷ᠎ᠡ᠂ ᠬᠠᠢ ᠳ᠋ᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ ᠢᠯᠡᠷᠬᠡᠶᠢᠯᠡᠬᠦ ᠳᠡᠭᠡᠨ ᠂ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠬᠠᠢ ᠳ᠋ᠢᠶᠠᠨ ᠤ ᠲᠤᠰᠠᠯᠠᠮᠵᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠠᠬᠢ ᠡᠯᠪᠡᠭ ᠪᠠᠶᠠᠯᠢᠭ ᠦᠷ᠎ᠡ ᠪᠦᠲᠦᠭᠡᠯ ᠢ ᠭᠦᠨᠵᠡᠭᠡᠢ ᠣᠶᠢᠯᠠᠭᠠᠪᠠ᠃ ᠬᠤᠶᠢᠰᠢᠳᠠ ᠶᠢᠨ ᠬᠠᠮᠲᠤᠷᠠᠯᠴᠠᠭᠠᠨ ᠤ ᠳᠤᠮᠳᠠ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠬᠠᠪᠰᠤᠷᠤᠨ ᠲᠡᠳᠬᠦᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠠᠮᠲᠤᠷᠠᠯᠴᠠᠭᠠᠨ ᠤ ᠳᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠭᠠᠭᠴᠠ ᠴᠢᠭᠯᠡᠯ ᠢᠶᠠᠷ ᠬᠠᠪᠰᠤᠷᠤᠨ ᠲᠡᠳᠬᠦᠬᠦ ᠠᠴᠠ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠬᠥᠭᠵᠢᠬᠦ ᠬᠠᠮᠲᠤᠷᠠᠯᠴᠠᠭᠠᠨ ᠤ ᠬᠡᠯᠪᠡᠷᠢ ᠪᠣᠯᠵᠤ ᠬᠤᠪᠢᠷᠠᠵᠤ᠂ ᠬᠤᠶᠠᠷ ᠭᠠᠵᠠᠷ ᠤᠨ ᠪᠦᠬᠦ ᠲᠠᠯ᠎ᠠ ᠶᠢᠨ ᠥᠨᠳᠥᠷ ᠲᠦᠪᠰᠢᠨ ᠲᠠᠢ ᠬᠠᠮᠵᠢᠯᠴᠠᠭᠠᠨ ᠤ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠬᠡᠷᠡᠭᠲᠡᠢ᠃    ᠠᠶᠢᠮᠠᠭ ᠤᠨ ᠳᠡᠳ᠋ ᠳᠠᠷᠤᠭ᠎ᠠ ᠬᠤᠸᠠᠩ ᠲᠤᠤ᠂ ᠬᠠᠮᠵᠢᠯᠴᠠᠨ ᠬᠠᠮᠲᠤᠪᠠᠷ ᠪᠠᠶᠢᠭᠤᠯᠬᠤ ᠨᠢ ᠠᠵᠤ ᠠᠬᠤᠢ ᠶᠢᠨ ᠲᠠᠯ᠎ᠠ ᠪᠠᠷ ᠬᠢ ᠳᠡᠮᠵᠢᠯᠭᠡ ᠪᠣᠯᠬᠤ ᠪᠠᠷ ᠪᠠᠷᠠᠬᠤ ᠦᠭᠡᠢ᠂ ᠨᠡᠩ ᠴᠤ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠰᠣᠯᠢᠯᠴᠠᠭ᠎ᠠ ᠪᠣᠯᠤᠨ᠎ᠠ᠂ ᠬᠤᠶᠠᠷ ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠬᠤᠶᠠᠷ ᠭᠠᠵᠠᠷ ᠤᠨ ᠣᠯᠠᠨ ᠳᠡᠰ ᠳᠠᠪᠬᠤᠷᠭ᠎ᠠ᠂ ᠣᠯᠠᠨ ᠲᠠᠯ᠎ᠠ᠂ ᠣᠯᠠᠨ ᠠᠷᠭ᠎ᠠ ᠵᠠᠮ ᠤᠨ ᠠᠵᠢᠯ ᠤᠨ ᠵᠣᠯᠭᠠᠯᠴᠠᠭ᠎ᠠ ᠪᠠ ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠶᠢᠷ᠎ᠠ ᠰᠡᠳᠬᠢᠯᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠶᠢ ᠦᠨᠡᠨ ᠪᠣᠳᠠᠲᠠᠢ ᠬᠥᠭᠵᠢᠯᠲᠡ ᠶᠢᠨ ᠠᠵᠠ ᠲᠣᠬᠢᠶᠠᠯ ᠪᠣᠯᠤᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ ᠭᠡᠵᠦ ᠢᠯᠡᠳᠬᠡᠪᠡ᠃    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠬᠠᠢ ᠳ᠋ᠢᠶᠠᠨ ᠲᠣᠭᠤᠷᠢᠭ ᠤᠨ ᠪᠡᠯᠡ ᠮᠥᠩᠭᠦ᠂ ᠠᠵᠤ ᠦᠢᠯᠡᠰ᠂ ᠡᠮ ᠡᠮᠨᠡᠯᠭᠡ᠂ ᠰᠤᠷᠭᠠᠨ ᠬᠥᠮᠦᠵᠢᠯ᠂ ᠬᠡᠷᠡᠭᠯᠡᠭᠡ ᠵᠡᠷᠭᠡ ᠡᠯ᠎ᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠬᠦᠷᠢᠶᠡᠨ ᠤ ᠲᠣᠭᠤᠷᠢᠨ ᠳᠤ᠂ ᠬᠠᠶᠢᠳᠢᠶᠠᠨ ᠲᠣᠭᠤᠷᠢᠭ ᠤᠨ ᠣᠶᠤᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠠᠵᠤ ᠠᠬᠤᠶᠢᠯᠠᠯ ᠵᠡᠷᠭᠡ ᠲᠠᠯ᠎ᠠ ᠶᠢᠨ ᠳᠠᠪᠠᠭᠤᠯᠢᠭ ᠢ ᠠᠰᠢᠭᠯᠠᠨ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠥᠨᠳᠥᠷ ᠳᠡᠰ ᠳᠠᠪᠬᠤᠷᠭ᠎ᠠ᠂ ᠨᠡᠩ ᠥᠨᠳᠥᠷ ᠲᠦᠪᠰᠢᠨ᠂ ᠨᠡᠩ ᠣᠯᠠᠨ ᠬᠦᠷᠢᠶᠡᠨ ᠳᠤ ᠵᠣᠯᠭᠠᠭᠤᠯᠬᠤ ᠪᠠ ᠬᠠᠮᠵᠢᠯᠴᠠᠬᠤ ᠶᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠮᠲᠤᠪᠠᠷ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃    ᠬᠤᠷᠠᠯ ᠲᠡᠭᠦᠰᠦᠭᠰᠡᠨ ᠤ ᠳᠠᠷᠠᠭ᠎ᠠ ᠭᠡᠷ᠎ᠡ ᠲᠣᠭᠲᠠᠵᠤ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠤᠭᠰᠠᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠲᠤᠰᠢᠶᠠᠯ ᠡᠭᠦᠷᠭᠡᠯᠡᠭᠰᠡᠨ ᠺᠠᠳ᠋ᠷ ᠢ ᠲᠣᠬᠤᠨᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号