7 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ | ᠬᠤᠷᠠᠯ ᠡᠷᠬᠢᠯᠡᠪᠡ᠃ | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ᠂ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠥᠭᠦᠯᠡᠯᠲᠡ ᠶᠢᠨ | ᠲᠡᠭᠦᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ︾᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ | ︾᠂ ᠰᠦᠨ ᠱᠤᠤ ᠴᠧᠩ ᠤᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ᠂ ︽ᠬᠢᠩᠭᠠᠨ ᠠᠶᠢᠮᠠᠭ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠵᠡᠷᠭᠡ ᠠᠭᠤᠯᠭ᠎ᠠ ᠶᠢ | ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠨᠢᠭᠡᠴᠡ ᠨᠦᠭᠦᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠪᠣᠯᠭᠠᠵᠤ᠂ ᠥᠨᠳᠥᠷ ᠪᠦᠲᠦᠮᠵᠢᠲᠡᠢ ᠬᠠᠮᠵᠢᠯᠴᠠᠬᠤ ᠠᠵᠢᠯ ᠤᠨ ᠲᠣᠭᠲᠠᠴᠠ ᠶᠢ ᠲᠦᠷᠭᠡᠪᠴᠢᠯᠡᠨ ᠪᠣᠢ | ᠪᠣᠯᠭᠠᠬᠤ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠣᠭᠤᠮᠲᠠ | ᠰᠢᠪᠲᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ | ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ | ᠲᠤᠬᠠᠢ ᠴᠢᠬᠤᠯᠠ ᠥᠭᠦᠯᠡᠯᠲᠡ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ | ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠴᠢᠨ ᠤ | ᠡᠯᠡᠰᠦᠷᠬᠡᠭ ᠭᠠᠵᠠᠷ ᠢ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ᠂ ᠰᠢᠨ᠎ᠡ | ᠡᠨᠧᠷᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ | ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢᠨ ᠴᠢᠨᠠᠷᠲᠠᠢ᠂ ᠲᠤᠷᠰᠢᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ | ᠥᠷᠨᠢᠭᠦᠯᠵᠦ᠂ ᠦᠨᠡᠨ ᠪᠣᠳᠠᠲᠠᠢ ᠰᠤᠳᠤᠯᠬᠤ ᠪᠠᠷ ᠪᠣᠳᠠᠲᠠᠢ ᠠᠵᠢᠯᠯᠠᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ | ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢᠨ | ᠦᠷ᠎ᠡ ᠪᠦᠲᠦᠭᠡᠯ ᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠪᠣᠳᠠᠲᠤ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ | ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ︾ ᠢ | ᠴᠢᠩᠭ᠎ᠠ ᠨᠠᠶᠢᠳᠠᠪᠤᠷᠢᠵᠢᠭᠤᠯᠵᠤ᠂ ᠬᠥᠲᠥᠯᠥᠨ ᠳᠠᠭᠠᠭᠤᠯᠬᠤ ᠶᠢ ᠠᠳᠬᠤᠬᠤ᠂ ᠳᠦᠷᠢᠮ ᠢ ᠠᠳᠬᠤᠬᠤ᠂ | ᠬᠤᠪᠢᠷᠠᠭᠤᠯᠬᠤ ᠶᠢ ᠠᠳᠬᠤᠬᠤ ᠪᠠᠷ ᠳᠠᠮᠵᠢᠭᠤᠯᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ | ᠰᠠᠨᠠᠭᠠᠴᠢᠯᠠᠭᠠᠲᠤ ᠴᠢᠨᠠᠷ᠂ ᠤᠷᠲᠤ ᠬᠤᠭᠤᠴᠠᠭᠠᠨ ᠤ ᠪᠦᠲᠦᠮᠵᠢᠲᠡᠢ ᠴᠢᠨᠠᠷ ᠪᠣᠯᠤᠨ ᠪᠣᠳᠠᠲᠤ ᠪᠦᠲᠦᠮᠵᠢᠲᠦ ᠴᠢᠨᠠᠷ ᠢ | ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠰᠤᠷᠤᠯᠴᠠᠯᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠠᠵᠢᠯ ᠢᠶᠠᠨ ᠲᠥᠯᠥᠪᠯᠡᠬᠦ ᠰᠡᠳᠬᠢᠴᠡ᠂ | ᠲᠥᠷᠥ ᠶᠢᠨ ᠪᠣᠳᠣᠯᠭ᠎ᠠ ᠲᠣᠭᠲᠠᠭᠠᠬᠤ ᠦᠨᠳᠦᠰᠦᠯᠡᠯ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠭᠠᠨ | ᠬᠤᠪᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠬᠦᠴᠦᠲᠡᠢ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ |