ᠰᠢ ᠶᠢᠨ ᠫᠢᠩ ᠸᠠᠨᠦ᠋ᠨᠲ᠋ᠦ᠋ ᠶᠢᠨ ᠶᠡᠷᠦᠩᠬᠡᠢ ᠰᠠᠶᠢᠳ ᠰᠠᠯᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/15
   7 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠸᠠᠨᠦ᠋ᠨᠲ᠋ᠦ᠋ ᠶᠢᠨ ᠶᠡᠷᠦᠩᠬᠡᠢ ᠰᠠᠶᠢᠳ ᠰᠠᠯᠸᠧᠢ ᠲᠠᠢ ᠠᠭᠤᠯᠵᠠᠪᠠ᠃   ᠰᠢ ᠶᠢᠨ ᠫᠢᠩ ᠰᠠᠯᠸᠧᠢ ᠶᠢᠨ ᠤᠷᠳᠤ ᠬᠤᠭᠤᠴᠠᠭᠠᠨ ᠤ ᠲᠤᠷᠰᠢ ᠳᠤᠮᠳᠠᠳᠤ ᠸᠠᠨᠦ᠋ᠨᠲ᠋ᠦ᠋ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠢ ᠮᠠᠭᠲᠠᠨ ᠰᠠᠶᠢᠰᠢᠶᠠᠪᠠ᠃ ᠰᠢ ᠶᠢᠨ ᠫᠢᠩ᠂ ᠸᠠᠨᠦ᠋ᠨᠲ᠋ᠦ᠋ ᠪᠣᠯ ᠳᠤᠮᠳᠠᠳᠤ ᠤᠯᠤᠰ ᠤᠨ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠭᠠᠵᠠᠷ ᠤᠷᠤᠨ ᠳᠠᠬᠢ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠳᠤᠮᠳᠠᠳᠤ ᠸᠠᠨᠦ᠋ᠨᠲ᠋ᠦ᠋ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 42 ᠵᠢᠯ ᠤᠨ ᠲᠤᠷᠰᠢ᠂ ᠬᠤᠶᠠᠷ ᠤᠯᠤᠰ ᠤᠨ ᠨᠥᠬᠦᠷᠯᠡᠯ ᠶᠠᠪᠤᠬᠤ ᠲᠤᠳᠤᠮ ᠪᠠᠬᠢᠵᠢᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠡᠷᠡᠰ ᠪᠠᠲᠤ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠶᠢᠨ ᠲᠠᠯ᠎ᠠ ᠳᠤᠮᠳᠠᠳᠤ ᠸᠠᠨᠦ᠋ᠨᠲ᠋ᠦ᠋ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠸᠠᠨᠦ᠋ᠨᠲ᠋ᠦ᠋ ᠶᠢᠨ ᠲᠠᠯ᠎ᠠ ᠲᠠᠢ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠡᠬᠦᠷᠢᠳᠠ ᠶᠢᠨ᠂ ᠪᠦᠬᠦ ᠲᠠᠯ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠠᠨᠦ᠋ᠨᠲ᠋ᠦ᠋ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠸᠠᠨᠦ᠋ᠨᠲ᠋ᠦ᠋ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠲᠤᠷᠰᠢᠯᠭ᠎ᠠ ᠪᠠᠨ ᠰᠣᠯᠢᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠵᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠠᠨᠦ᠋ᠨᠲ᠋ᠦ᠋ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ ᠤᠨ ᠬᠢᠨ ᠸᠠᠨᠦ᠋ᠨᠲ᠋ᠦ᠋ ᠳᠤ ᠦᠷᠭᠦᠯᠵᠢᠯᠡᠨ ᠶᠠᠮᠠᠷᠴᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠪᠠᠷ ᠠᠵᠤ ᠠᠬᠤᠢ ᠮᠡᠷᠭᠡᠵᠢᠯ ᠤᠨ ᠲᠤᠰᠠᠯᠠᠮᠵᠢ ᠬᠠᠩᠭᠠᠵᠤ᠂ ᠸᠠᠨᠦ᠋ᠨᠲ᠋ᠦ᠋ ᠶᠢᠨ ᠬᠥᠭᠵᠢᠯ ᠴᠡᠴᠡᠭᠯᠡᠯ ᠤᠨ ᠵᠠᠮ ᠢᠶᠠᠷ ᠰᠠᠶᠢᠲᠤᠷ ᠵᠠᠮᠨᠠᠬᠤ ᠳᠤ ᠬᠦᠴᠦᠨ ᠨᠡᠮᠡᠷᠢᠯᠡᠨ᠎ᠡ ᠬᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠶᠡᠭᠡ ᠪᠠᠭ᠎ᠠ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ ᠂ ᠵᠢᠷᠤᠮ ᠠᠰᠢᠭ ᠢ ᠵᠡᠷᠭᠡ ᠪᠠᠷ ᠪᠣᠳᠣᠯᠬᠢᠯᠠᠬᠤ᠂ ᠵᠢᠷᠤᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠶᠡᠭᠡ ᠤᠯᠤᠰ ᠤᠨ ᠥᠷᠢᠰᠥᠯᠳᠦᠭᠡᠨ ᠢ ᠡᠷᠢᠯᠬᠢᠯᠡᠬᠦ ᠦᠭᠡᠢ᠂ ᠭᠠᠵᠠᠷ ᠣᠷᠣᠨ ᠤ ᠬᠦᠴᠦᠨ ᠤ ᠬᠦᠷᠢᠶ᠎ᠡ ᠬᠡᠪᠴᠢᠶ᠎ᠡ ᠶᠢ ᠡᠷᠢᠯᠬᠢᠯᠡᠬᠦ ᠦᠭᠡᠢ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠪᠤᠰᠤᠳ ᠤᠯᠤᠰ ᠤᠨ ᠰᠣᠩᠭᠤᠯᠲᠠ ᠬᠢᠬᠦ ᠶᠢ ᠰᠢᠬᠠᠮᠳᠠᠭᠤᠯᠬᠤ ᠦᠭᠡᠢ᠂ ᠢᠮᠠᠭᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ᠃ ᠳᠤᠮᠳᠠᠳᠤ ᠤᠯᠤᠰ ᠪᠣᠯ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠭᠠᠵᠠᠷ ᠣᠷᠣᠨ ᠤ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤ ᠪᠠᠷ ᠬᠥᠭᠵᠢᠬᠦ ᠶᠢ ᠠᠬᠢᠭᠤᠯᠤᠭᠴᠢ ᠪᠠ ᠬᠤᠪᠢ ᠨᠡᠮᠡᠷᠢ ᠦᠵᠡᠭᠦᠯᠦᠭᠴᠢ ᠮᠥᠨ᠃ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠨᠢᠭᠡ ᠪᠢᠯᠧᠲ ᠨᠢ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠲᠤ ᠬᠠᠷᠢᠶᠠᠯᠠᠭᠳᠠᠨ᠎ᠠ᠃ ᠳᠤᠮᠳᠠᠳᠤ ᠤᠯᠤᠰ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠡᠭᠦᠳᠡᠨ ᠠᠴᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠯᠤᠭ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠴᠢᠬᠤᠯᠠᠴᠢᠯᠠᠵᠤ᠂ ᠳᠤᠷᠠᠲᠠᠶ᠎ᠠ ᠠᠷᠠᠯᠲᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠬᠠᠩᠭᠠᠵᠤ᠂ ᠠᠷᠠᠯᠲᠤ ᠤᠯᠤᠰ ᠤᠳ ᠤᠨ ᠪᠡᠶ᠎ᠡ ᠪᠠᠨ ᠳᠠᠭᠠᠭᠠᠭᠰᠠᠨ᠂ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠪᠠᠨ ᠲᠦᠷᠭᠡᠨ ᠪᠡᠶᠡᠯᠡᠭᠦᠯᠬᠦ ᠶᠢ ᠳᠡᠮᠵᠢᠨ᠎ᠠ ᠬᠡᠵᠤ ᠴᠢᠬᠤᠯᠠᠴᠢᠯᠠᠪᠠ᠃   ᠰᠠᠯᠸᠧᠢ᠂ ᠸᠠᠨᠦ᠋ᠨᠲ᠋ᠦ᠋ ᠳᠤᠮᠳᠠᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 42 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠡᠷᠴᠢᠳᠠᠢ ᠬᠥᠭᠵᠢᠯᠲᠡ ᠪᠠᠨ ᠪᠠᠲᠤᠯᠠᠪᠠ᠃ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠥᠭᠵᠢᠯᠲᠡ ᠠᠭᠤᠤ ᠶᠡᠭᠡ ᠠᠮᠵᠢᠯᠲᠠ ᠣᠯᠵᠤ᠂ ᠤᠯᠤᠰ ᠤᠨ ᠪᠦᠯᠬᠦᠮᠳᠡᠯ ᠲᠣᠭᠲᠠᠭᠤᠨ ᠢᠶᠠᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠬ ᠤᠨ ᠣᠳᠣᠬᠢᠴᠢᠯᠠᠯᠲᠠ ᠪᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠵᠤ ᠪᠠᠶᠢᠨ᠎ᠠ᠃ ᠸᠠᠨᠦ᠋ᠨᠲ᠋ᠦ᠋ ᠶᠢᠨ ᠬᠢᠨ ᠮᠠᠰᠢ ᠪᠢᠰᠢᠷᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠪᠣᠯᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠨᠢ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠦᠢᠯᠡᠳᠦᠯᠭᠡᠵᠢᠭᠦᠯᠵᠦ᠂ ᠸᠠᠨᠦ᠋ᠨᠲ᠋ᠦ᠋ ᠮᠡᠲᠦ ᠶᠢᠨ ᠪᠠᠭ᠎ᠠ ᠤᠯᠤᠰ ᠲᠤ ᠨᠢᠭᠡ ᠯᠡ ᠠᠳᠠᠯᠢ ᠪᠠᠷ ᠬᠠᠨᠳᠤᠵᠤ ᠪᠠᠶᠢᠭ᠎ᠠ ᠨᠢ ᠡᠷᠬᠡ ᠲᠡᠭᠰᠢ ᠪᠠ ᠬᠦᠨᠳᠦᠳᠭᠡᠯ ᠢ ᠭᠦᠢᠴᠡᠳ ᠢᠯᠡᠷᠡᠭᠦᠯᠪᠡ᠃   ᠸᠠᠨᠦ᠋ᠨᠲ᠋ᠦ᠋ ᠶᠢᠨ ᠵᠠᠰᠠᠭ ᠤᠨ ᠣᠷᠳᠣᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠭᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠬᠡᠵᠤ ᠦᠵᠡᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠷᠤᠨ ᠤ ᠪᠠᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠲᠡᠮᠵᠢᠵᠤ᠂ ᠶᠠᠮᠠᠷᠪᠠ ᠬᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠰᠢᠨᠵᠢᠶᠠᠩ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠲᠥᠪᠡᠳ ᠲᠠᠢ ᠬᠤᠯᠪᠣᠭᠳᠠᠭᠰᠠᠨ᠂ ᠬᠥᠮᠦᠨ ᠤ ᠡᠷᠬᠡ᠂ ᠡᠮᠦᠨᠡᠲᠦ ᠲᠠᠩᠭᠢᠰ ᠵᠡᠷᠭᠡ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠡᠷᠡᠰ ᠲᠡᠮᠵᠢᠨ᠎ᠠ᠃ ᠸᠠᠨᠦ᠋ᠨᠲ᠋ᠦ᠋ ᠶᠢᠨ ᠬᠢᠨ ᠳᠤᠮᠳᠠᠳᠤ ᠤᠯᠤᠰ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢ ᠰᠤᠷᠤᠯᠴᠠᠨ ᠲᠤᠯᠢ ᠪᠤᠯᠭᠠᠵᠤ᠂ ᠳᠤᠮᠳᠠᠳᠤ ᠤᠯᠤᠰ ᠯᠤᠭ᠎ᠠ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠠᠵᠤ ᠠᠬᠤᠢ ᠠᠷᠠᠯᠵᠢᠶ᠎ᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠸᠠᠨᠦ᠋ᠨᠲ᠋ᠦ᠋ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠠ ᠤᠯᠤᠰ ᠤᠨ ᠤᠯᠠᠠ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠸᠠᠨᠦ᠋ᠨᠲ᠋ᠦ᠋ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ    ᠬᠤᠶᠠᠷ ᠲᠠᠯ᠎ᠠ ᠪᠠᠷ ᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶᠢᠷᠠᠮᠳᠠᠬᠤ ᠸᠠᠨᠦ᠋ᠨᠲ᠋ᠦ᠋ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠵᠦ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠠᠨᠦ᠋ᠨᠲ᠋ᠦ᠋ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃   ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 12 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号