ᠰᠢ ᠶᠢᠨ ᠫᠢᠩ ᠰᠤᠯᠤᠮᠤᠨ ᠣᠯᠲᠣᠷᠢᠭ ᠤᠨ ᠶᠡᠷᠦᠩᠬᠡᠢ ᠰᠠᠶᠢᠳ ᠮᠠᠨ᠋ᠸᠶᠢᠯᠠᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/15
   7 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠤᠯᠤᠮᠤᠨ ᠣᠯᠲᠣᠷᠢᠭ ᠤᠨ ᠶᠡᠷᠦᠩᠬᠡᠢ ᠰᠠᠶᠢᠳ ᠮᠠᠨ᠋ᠸᠶᠢᠯᠠᠢ ᠲᠠᠢ ᠠᠭᠤᠯᠵᠠᠪᠠ᠃   ᠰᠢ ᠶᠢᠨ ᠫᠢᠩ᠂ ᠳᠤᠮᠳᠠᠳᠤ ᠤᠯᠤᠰ ᠰᠤᠯᠤᠮᠤᠨ ᠣᠯᠲᠣᠷᠢᠭ ᠢ ᠰᠠᠶᠢᠨ ᠨᠠᠶᠢᠵᠠ᠂ ᠰᠠᠶᠢᠨ ᠬᠠᠨᠢᠲᠠᠨ᠂ ᠰᠠᠶᠢᠨ ᠠᠬ᠎ᠠ ᠳᠡᠭᠦᠦ ᠪᠠᠷ ᠦᠵᠡᠵᠦ᠂ ᠰᠤᠯᠤᠮᠤᠨ ᠤ ᠬᠢᠨ ᠤ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠳᠡᠮᠵᠢᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠰᠤᠯᠤᠮᠤᠨ ᠤ ᠲᠠᠯ᠎ᠠ ᠯᠤᠭ᠎ᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠮᠠᠭᠠᠯᠠᠬᠤ ᠶᠢ ᠡᠷᠡᠰ ᠲᠡᠮᠵᠢᠵᠥ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠰᠤᠯᠤᠮᠤᠨ ᠤ ᠲᠠᠯ᠎ᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ᠂ ᠡᠮᠴᠢᠯᠡᠭᠡᠨ ᠤ ᠦᠢᠯᠡᠴᠢᠯᠡᠭᠡ᠂ ᠰᠠᠭᠤᠷᠢ ᠲᠥᠬᠦᠭᠡᠷᠦᠮᠵᠢ᠂ ᠦᠷᠭᠦᠯᠵᠢᠯᠡᠬᠦ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠰᠢᠨ᠎ᠡ ᠴᠠᠭ ᠦᠶ᠎ᠡ ᠶᠢᠨ ᠳᠤᠮᠳᠠᠳᠤ ᠰᠤᠯᠤᠮᠤᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠢᠮᠠᠭᠲᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠡᠯ᠎ᠡ ᠤᠯᠤᠰ ᠤᠨ ᠶᠡᠭᠡ ᠪᠠᠭ᠎ᠠ᠂ ᠬᠦᠴᠦᠷᠬᠡᠭ ᠪᠠᠭᠤᠷᠠᠢ᠂ ᠶᠠᠳᠠᠭᠤ ᠪᠠᠶᠠᠨ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠵᠣᠷᠢᠯᠳᠠ ᠶᠢ ᠪᠠᠷᠢᠮᠳᠠᠯᠠᠨ᠎ᠠ᠃ ᠳᠤᠮᠳᠠᠳᠤ ᠤᠯᠤᠰ ᠰᠤᠯᠤᠮᠤᠨ ᠣᠯᠲᠣᠷᠢᠭ ᠵᠡᠷᠭᠡ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠠᠢ ᠨᠥᠬᠦᠷᠰᠡᠭ ᠬᠠᠮᠲᠤᠷᠠᠯᠴᠠᠭ᠎ᠠ ᠥᠷᠨᠢᠭᠦᠯᠬᠦ ᠪᠣᠯ ᠦᠨᠡᠨ ᠰᠡᠳᠭᠢᠯ ᠠᠴᠠ ᠪᠠᠨ ᠠᠷᠠᠯᠲᠤ ᠤᠯᠤᠰ ᠤᠳ ᠢ ᠬᠠᠪᠰᠤᠷᠤᠨ ᠬᠥᠭᠵᠢᠯᠲᠡ ᠶᠢ ᠨᠢ ᠪᠡᠶᠡᠯᠡᠭᠦᠯᠵᠦ ᠪᠠᠶᠢᠭ᠎ᠠ ᠶᠠᠪᠤᠳᠠᠯ ᠮᠥᠨ᠂ ︽ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ︾ ᠤ ᠪᠣᠷᠣ ᠲᠥᠯᠥᠪ ᠤᠨ ᠳᠣᠲᠣᠷᠠᠬᠢ ᠬᠠᠷᠢᠯᠴᠠᠨ ᠬᠠᠪᠰᠤᠷᠤᠯᠴᠠᠵᠤ ᠪᠠᠶᠢᠭ᠎ᠠ ᠶᠠᠪᠤᠳᠠᠯ ᠮᠥᠨ᠂ ︽ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠬᠠᠮᠲᠤ ᠪᠠᠷ ᠬᠥᠭᠵᠢᠬᠦ ᠠᠢ ᠳᠤ ᠬᠠᠷᠢᠶᠠᠯᠠᠭᠳᠠᠨ᠎ᠠ᠂ ᠭᠤᠷᠪᠠᠳᠠᠬᠢ ᠡᠲᠡᠭᠡᠳ ᠲᠤ ᠴᠢᠭᠯᠡᠭᠦᠯᠬᠦ ᠦᠭᠡᠢ᠂ ᠶᠠᠮᠠᠷᠪᠠ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠰᠤᠯᠤᠮᠤᠨ ᠣᠯᠲᠣᠷᠢᠭ ᠤᠨ ᠬᠥᠭᠵᠢᠯᠲᠡ ᠶᠢ ᠪᠡᠶᠡᠯᠡᠭᠦᠯᠬᠦ ᠳᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠪᠠᠶᠢᠭᠤᠯᠤᠮᠵᠢ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃   ᠮᠠᠨ᠋ᠸᠶᠢᠯᠠᠢ᠂ ᠮᠢᠨᠦ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠹᠦᠵᠢᠶᠠᠨ ᠠᠴᠠ ᠡᠬᠢᠯᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠤᠭᠰᠠᠨ ᠯᠤᠲᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠣᠶᠢᠯᠠᠭᠠᠬᠤ ᠶᠢᠨ ᠬᠠᠮᠲᠤ᠂ ᠰᠤᠯᠤᠮᠤᠨ ᠳᠤᠮᠳᠠᠳᠤ ᠶᠢᠨ ᠬᠠᠮᠲᠤᠷᠠᠯᠴᠠᠭᠠᠨ ᠤ ᠯᠤᠲᠤ ᠶᠡᠭᠡ ᠳᠠᠯᠳᠠ ᠬᠦᠴᠦᠨ ᠪᠠ ᠥᠷᠭᠡᠨ ᠠᠭᠤᠳᠠᠮ ᠢᠷᠡᠭᠡᠳᠦᠢ ᠲᠠᠢ ᠪᠠᠶᠢᠬᠤ ᠶᠢ ᠤᠶᠢᠯᠠᠭᠠᠪᠡ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠲᠤ ᠦᠯᠢᠭᠡᠷ ᠳᠠᠭᠤᠷᠢᠶᠠᠯ ᠦᠵᠡᠭᠦᠯᠪᠡ᠃ ᠳᠤᠮᠳᠠᠳᠤ ᠤᠯᠤᠰ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠰᠠᠨᠠᠭᠠᠴᠢᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ︽ᠵᠢᠵᠢᠭ ᠪᠦᠯᠬᠦᠮ︾ ᠪᠠᠶᠢᠭᠤᠯᠬᠤ ᠦᠭᠡᠢ᠂ ᠭᠠᠵᠠᠷ ᠣᠷᠣᠨ ᠤ ᠤᠯᠤᠰ ᠲᠦᠷᠦ ᠶᠢ ᠰᠡᠳᠦᠬᠦ ᠦᠭᠡᠢ᠂ ᠪᠤᠰᠤᠳ ᠤᠯᠤᠰ ᠤᠨ ᠶᠠᠮᠠᠷ ᠨᠢᠭᠡ ᠲᠠᠯ᠎ᠠ ᠶᠢ ᠰᠣᠩᠭᠤᠵᠤ ᠵᠣᠭᠰᠣᠬᠤ ᠶᠢ ᠱᠠᠭᠠᠷᠳᠠᠬᠤ ᠦᠭᠡᠢ᠂ ᠳᠡᠯᠡᠬᠡᠢ ᠨᠡᠶᠢᠭᠡᠮ ᠢᠶᠠᠷ ᠢᠶᠠᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠰᠠᠨᠠᠭᠠᠴᠢᠯᠠᠨ᠎ᠠ᠃ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠠᠰᠢᠭᠲᠠᠢ᠂ ᠰᠤᠯᠤᠮᠤᠨ ᠣᠯᠲᠣᠷᠢᠭ ᠮᠡᠲᠦ ᠶᠢᠨ ᠪᠠᠭ᠎ᠠ ᠤᠯᠤᠰ ᠲᠤ ᠨᠡᠩ ᠴᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠳᠤ ᠣᠷᠣᠯᠴᠠᠭᠰᠠᠨ ᠤ ᠠᠴᠢ ᠪᠠᠷ ᠰᠤᠯᠤᠮᠤᠨ ᠣᠯᠲᠣᠷᠢᠭ ᠤᠨ ᠬᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠵᠡᠷᠭᠡ ᠬᠦᠷᠢᠶᠡᠨ ᠳᠤ ᠢᠯᠡᠳᠲᠡ ᠠᠬᠢᠴᠠ ᠲᠠᠢ ᠪᠣᠯᠪᠠ᠃ ᠰᠤᠯᠤᠮᠤᠨ ᠤ ᠲᠠᠯ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠶᠠᠮᠠᠷᠪᠠ ᠬᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠨ᠎ᠡ᠃ ᠰᠤᠯᠤᠮᠤᠨ ᠤ ᠲᠠᠯ᠎ᠠ ᠰᠤᠯᠤᠮᠤᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠰᠤᠯᠤᠮᠤᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃   ᠬᠤᠶᠠᠷ ᠲᠠᠯ᠎ᠠ ᠪᠠᠷ ᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠰᠤᠯᠤᠮᠤᠨ ᠣᠯᠲᠣᠷᠢᠭ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠵᠦ᠂ ᠳᠤᠮᠳᠠᠳᠤ ᠰᠤᠯᠤᠮᠤᠨ ᠤ ᠰᠢᠨ᠎ᠡ ᠴᠠᠭ ᠦᠶ᠎ᠡ ᠶᠢᠨ ᠬᠠᠷᠢᠯᠴᠠᠨ ᠬᠦᠨᠳᠦᠳᠭᠡᠵᠦ᠂ ᠬᠠᠮᠲᠤ ᠪᠠᠷ ᠬᠥᠭᠵᠢᠬᠦ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠤᠯᠤᠮᠤᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃   ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 12 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号