︽ᠵᠤᠨ ᠤ ᠡᠳᠦᠷ ᠲᠤ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ︾ ᠠᠵᠢᠯᠯᠠᠭ᠎ᠠ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/7/16
   7 ᠰᠠᠷ᠎ᠠ ᠶᠢᠨ 15 ᠤ ᠡᠳᠦᠷ᠂ ᠡᠨᠡ ᠵᠢᠯ ᠤᠨ ᠹᠦ᠋ ᠶᠢᠨ ᠨᠢᠭᠡᠳᠦᠭᠡᠷ ᠡᠳᠦᠷ᠂ ᠬᠥᠳᠡᠯᠮᠦᠷᠢᠴᠢᠳ ᠢ ᠬᠦᠨᠳᠦᠳᠬᠡᠯ ᠢᠶᠠᠨ ᠢᠯᠡᠳᠬᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠡᠯ᠎ᠡ ᠬᠤᠪᠢᠰᠬᠠᠯ ᠤᠨ ᠥᠷᠲᠡᠭᠡᠨ ᠳᠤ ︽ᠵᠤᠨ ᠤ ᠡᠳᠦᠷ ᠲᠤ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠠᠮᠢᠳᠤᠯᠢᠭ ᠢᠶᠠᠷ ᠠᠵᠢᠯ ᠣᠯᠤᠭᠰᠠᠳ ᠲᠤ ᠰᠡᠷᠢᠭᠦᠨ ᠢᠳᠡᠭᠡᠨ ᠤ ᠵᠦᠢᠯ᠂ ᠵᠤᠨ ᠤ ᠰᠡᠷᠭᠡᠶᠢᠯᠡᠯᠲᠡ ᠶᠢᠨ ᠬᠡᠷᠡᠭᠰᠡᠯ ᠢ ᠲᠦᠭᠡᠭᠡᠨ ᠥᠭᠴᠦ᠂ ᠣᠯᠠᠨ ᠳᠤ ᠬᠠᠶᠢᠷ᠎ᠠ ᠬᠠᠯᠠᠮᠵᠢ ᠬᠦᠷᠭᠡᠵᠦ᠂ ᠲᠡᠳᠡᠨ ᠤ ᠡᠨᠡ ᠬᠤᠲᠠ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃    ᠬᠠᠨ ᠠᠭᠤᠯᠠ ᠨᠡᠶᠢᠭᠡᠮ ᠲᠣᠭᠤᠷᠢᠭ᠂ ᠰᠠᠶᠢᠬᠠᠨ ᠨᠡᠶᠢᠭᠡᠮ ᠲᠣᠭᠤᠷᠢᠭ᠂ ᠶᠡᠬᠡᠰᠦ᠋ᠮ᠎ᠡ ᠶᠢᠨ ᠨᠡᠶᠢᠭᠡᠮ ᠲᠣᠭᠤᠷᠢᠭ᠂ ᠬᠥᠭᠵᠢᠯ ᠨᠡᠶᠢᠭᠡᠮ ᠲᠣᠭᠤᠷᠢᠭ ᠲᠤ ᠠᠵᠢᠯᠲᠠᠳ ᠥᠪᠡᠷ ᠤᠨ ᠭᠠᠷ ᠢᠶᠠᠷ ᠢᠶᠠᠨ ᠴᠢᠨᠠᠵᠤ ᠪᠠᠶᠢᠭ᠎ᠠ ᠨᠣᠭᠤᠭᠠᠨ ᠪᠤᠷᠴᠠᠭ ᠤᠨ ᠰᠢᠩᠭᠡᠨ ᠪᠤᠳᠠᠭ᠎ᠠ ᠪᠠᠨ ᠳᠡᠰ ᠳᠠᠷᠠᠭᠠᠯᠠᠨ ᠬᠠᠶᠢᠷᠴᠠᠭᠯᠠᠭᠰᠠᠨ ᠪᠥᠭᠡᠳ ᠬᠦᠢᠲᠡᠨ ᠰᠡᠷᠢᠭᠦᠨ ᠨᠠᠭᠠᠬᠤ᠂ ᠬᠠᠯᠠᠭᠤᠨ ᠠᠴᠠ ᠰᠡᠷᠭᠡᠶᠢᠯᠡᠬᠦ ᠡᠮ ᠵᠡᠷᠭᠡ ᠡᠳᠦᠷ ᠲᠤᠲᠤᠮ ᠤᠨ ᠬᠡᠷᠡᠭᠰᠡᠯ ᠢᠶᠠᠨ ᠪᠡᠯᠡᠳᠬᠡᠵᠦ᠂ ᠬᠤᠪᠢᠰᠬᠠᠯ ᠤᠨ ᠥᠷᠲᠡᠭᠡᠨ ᠳᠤ ᠠᠮᠠᠷᠠᠭᠰᠠᠳ ᠲᠤ ᠲᠦᠭᠡᠭᠡᠨ ᠥᠭᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠵᠠᠬᠢᠶᠠᠯᠠᠭ᠎ᠠ ᠶᠢᠨ ᠣᠨᠴᠢᠨ᠂ ᠲᠦᠷᠭᠡᠨ ᠬᠦᠷᠭᠡᠭᠴᠢ ᠶᠢᠨ ᠡᠲᠡᠭᠡᠷ ᠬᠥᠳᠡᠯᠮᠦᠷᠢᠴᠢᠳ ᠤᠨ ᠡᠩ ᠤᠨ ᠦᠶ᠎ᠡ ᠳᠤ ᠭᠠᠳᠠᠨ᠎ᠠ ᠠᠵᠢᠯᠯᠠᠬᠤ ᠴᠠᠭ ᠨᠢ ᠣᠷᠳᠣ᠂ ᠠᠭᠤᠷ ᠠᠮᠢᠰᠬᠤᠯ ᠠᠭᠠᠭᠢᠮ᠎ᠠ ᠬᠠᠯᠠᠭᠤᠨ ᠦᠶ᠎ᠡ ᠳᠤ᠂ ᠥᠷᠲᠡᠭᠡᠨ ᠳᠤ ᠣᠷᠣᠵᠤ ᠠᠮᠠᠷᠠᠭᠤᠯᠬᠤ ᠨᠡᠩ ᠴᠢᠬᠤᠯᠠᠲᠠᠢ ᠪᠠᠶᠢᠵᠤ᠂ ᠲᠡᠳᠡᠨ ᠢ ᠰᠠᠶᠢᠲᠤᠷ ᠠᠮᠠᠷᠠᠭᠤᠯᠬᠤ ᠶᠢᠨ ᠲᠥᠯᠥᠭᠡ ᠠᠵᠢᠯᠲᠠᠳ ᠴᠢᠳᠠᠯ ᠤᠨ ᠬᠢᠷᠢ ᠪᠠᠷ ᠢᠶᠠᠨ ᠲᠡᠳᠡᠨ ᠳᠤ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ ᠪᠠᠶᠢᠨ᠎ᠠ᠃    ︽ᠣᠶᠢᠷ᠎ᠠ ᠳᠤ ᠠᠭᠤᠷ ᠠᠮᠢᠰᠬᠤᠯ ᠮᠠᠰᠢ ᠬᠠᠯᠠᠭᠤᠨ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠳ ᠪᠢᠳᠡᠨ ᠳᠤ ᠨᠣᠭᠤᠭᠠᠨ ᠪᠤᠷᠴᠠᠭ ᠤᠨ ᠰᠢᠩᠭᠡᠨ ᠪᠤᠳᠠᠭ᠎ᠠ᠂ ᠬᠦᠢᠲᠡᠨ ᠰᠡᠷᠢᠭᠦᠨ ᠨᠠᠭᠠᠯᠲᠠ ᠲᠦᠭᠡᠭᠡᠵᠡᠢ᠂ ᠪᠢᠳᠡ ᠮᠠᠰᠢ ᠶᠡᠭᠡ ᠰᠡᠳᠬᠢᠯ ᠳᠤᠯᠠᠭᠠᠬᠠᠨ ᠪᠠᠶᠢᠨ᠎ᠠ᠂ ᠶᠠᠳᠠᠷᠠᠵᠤ ᠵᠦᠳᠡᠷᠡᠭᠰᠡᠨ ᠪᠣᠯ ᠥᠷᠲᠡᠭᠡᠨ ᠳᠤ ᠠᠮᠠᠷᠠᠵᠤ ᠪᠣᠯᠤᠨ᠎ᠠ᠂ ᠣᠳᠣ ᠨᠡᠶᠢᠭᠡᠮ ᠲᠣᠭᠤᠷᠢᠭ ᠤᠨ ᠦᠢᠯᠡᠴᠢᠯᠡᠭᠡ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾ ᠭᠡᠵᠦ ᠭᠠᠳᠠᠨ᠎ᠠ ᠠᠴᠠ ᠢᠷᠡᠭᠰᠡᠨ ᠮᠣᠷᠢᠲᠠᠨ ᠯᠢᠦ ᠠᠢ ᠮᠢᠨ ᠬᠡᠯᠡᠨ᠎ᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠡᠶᠢᠲᠡ 4 ᠬᠤᠪᠢᠰᠬᠠᠯᠲᠤ ᠥᠷᠲᠡᠭᠡ ᠲᠠᠢ᠂ ᠡᠯ᠎ᠡ ᠬᠤᠪᠢᠰᠬᠠᠯ ᠤᠨ ᠥᠷᠲᠡᠭᠡ ᠨᠢ ᠰᠢᠷᠡᠭᠡ ᠰᠠᠨᠳᠠᠯᠢ᠂ ᠪᠣᠷᠣᠭᠠᠨ ᠤ ᠰᠢᠬᠦᠷ᠂ ᠤᠤᠭᠤᠬᠤ ᠤᠰᠤᠨ ᠤ ᠮᠠᠰᠢᠨ᠂ ᠪᠠᠴᠢᠮ ᠪᠠᠶᠢᠳᠠᠯ ᠢ ᠠᠷᠭᠠᠴᠠᠬᠤ ᠡᠮ ᠤᠨ ᠬᠠᠶᠢᠷᠴᠠᠭ᠂ ᠭᠠᠷ ᠤᠲᠠᠰᠤᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠪᠠᠭᠠᠵᠢ ᠶᠢᠨ ᠬᠠᠶᠢᠷᠴᠠᠭ ᠵᠡᠷᠭᠡ ᠡᠳ᠋ ᠪᠣᠳᠠᠰ ᠢ ᠲᠣᠬᠢᠷᠠᠭᠤᠯᠵᠤ᠂ ᠣᠯᠠᠨ ᠳᠤ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠵᠤ᠂ ᠠᠮᠠᠷᠠᠬᠤ᠂ ᠰᠤᠷᠤᠯᠴᠠᠬᠤ᠂ ᠰᠣᠯᠢᠯᠴᠠᠬᠤ ᠶᠢ ᠨᠢᠭᠡ ᠴᠣᠭᠴᠠᠵᠢᠭᠤᠯᠤᠭᠰᠠᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠣᠷᠣᠨ ᠵᠠᠢ ᠶᠢ ᠪᠣᠢ ᠪᠣᠯᠭᠠᠪᠠ᠃ ᠬᠠᠨ ᠠᠭᠤᠯᠠ ᠨᠡᠶᠢᠭᠡᠮ ᠲᠣᠭᠤᠷᠢᠭ ᠤᠨ ᠤᠯᠠᠭᠠᠨ ᠥᠷᠲᠡᠭᠡᠨ ᠳᠤ᠂ ᠠᠵᠢᠯᠲᠠᠳ ᠪᠠᠰᠠ ᠬᠤᠪᠢ ᠬᠤᠷᠠᠮᠳᠤᠭᠤᠯᠵᠤ ᠱᠠᠩᠨᠠᠬᠤ ᠲᠣᠭᠲᠠᠴᠠ ᠪᠠᠶᠢᠭᠤᠯᠵᠤ᠂ ᠪᠤᠰᠤᠳ ᠤᠨ ᠰᠠᠭᠤᠭᠠᠯᠢ ᠠᠷᠠᠳ ᠢ ᠬᠠᠯᠠᠭᠤᠨ ᠢᠶᠠᠷ ᠬᠠᠪᠰᠤᠷᠴᠤ᠂ ᠠᠵᠢᠯᠲᠠᠳ ᠰᠠᠭᠤᠭᠠᠯᠢ ᠠᠷᠠᠳ ᠲᠤ ᠬᠤᠪᠢ ᠲᠡᠮᠳᠡᠭᠯᠡᠵᠦ᠂ ᠰᠠᠭᠤᠭᠠᠯᠢ ᠠᠷᠠᠳ ᠬᠤᠪᠢ ᠬᠤᠷᠠᠮᠳᠤᠭᠤᠯᠵᠤ᠂ ᠤᠯᠠᠭᠠᠨ ᠥᠷᠲᠡᠭᠡᠨ ᠳᠤ ᠡᠳᠦᠷ ᠲᠤᠲᠤᠮ ᠤᠨ ᠬᠡᠷᠡᠭᠰᠡᠯ ᠢ ᠰᠣᠯᠢᠵᠤ ᠪᠣᠯᠤᠨ᠎ᠠ᠃    ︽ᠲᠤᠰ ᠤᠳᠠᠭᠠᠨ ᠤ ᠠᠵᠢᠯᠯᠠᠭ᠎ᠠ ᠳᠤ᠂ ᠮᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠬᠠᠷᠢᠶᠠᠲᠤ ᠣᠷᠣᠨ ᠤ ᠪᠠᠨ ᠠᠮᠢᠳᠤᠯᠢᠭ ᠢᠶᠠᠷ ᠠᠵᠢᠯ ᠣᠯᠤᠭᠰᠠᠳ᠂ ᠵᠢᠱᠢᠶᠡᠯᠡᠪᠡᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠬᠤᠳᠠᠯᠳᠤᠭ᠎ᠠ ᠺᠠᠢ᠂ ᠲᠦᠷᠭᠡᠨ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠬᠠᠮᠲᠤᠯᠢᠭ᠂ ᠰᠡᠷᠢᠭᠦᠨ ᠤᠮᠳᠠᠭᠠᠨ᠂ ᠵᠤᠨ ᠤ ᠪᠠᠭᠤᠷᠠᠯᠲᠠ ᠶᠢᠨ ᠦᠢᠯᠡᠳᠬᠦᠨ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠲᠡᠳᠡᠨ ᠤ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠲᠤᠰ ᠤᠳᠠᠭᠠᠨ ᠤ ᠠᠵᠢᠯᠯᠠᠭ᠎ᠠ ᠨᠢᠭᠡ ᠰᠠᠷ᠎ᠠ ᠦᠷᠭᠦᠯᠵᠢᠯᠡᠬᠦ ᠪᠣᠯᠤᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠭᠡᠷᠡᠯ  ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号