ᠮᠠᠨ ᠤ ᠤᠷᠤᠨ ᠤ ᠡᠬᠢ ᠪᠠᠶᠠᠯᠢᠭ ᠤᠨ ᠵᠠᠮ ᠵᠢᠭᠤᠯᠴᠢᠯᠠᠯ ᠤᠨ ᠵᠠᠮ ᠪᠠ ᠠᠵᠤ ᠦᠢᠯᠡᠰ ᠤᠨ ᠵᠠᠮ ᠤᠨ ᠪᠦᠬᠦ ᠤᠷᠳᠤ 5500 ᠺᠢᠯᠤᠮᠧᠲᠷ ᠢ ᠳᠠᠪᠠᠪᠠ
ᠨᠡᠶᠢᠲᠡᠯᠡᠭᠰᠡᠨ ᠴᠠᠭ᠄
2024/7/16
    ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠬᠥᠳᠡᠭᠡ ᠲᠣᠰᠬᠤᠨ ᠤ ᠵᠠᠰᠠᠮᠠᠯ ᠵᠠᠮ ᠬᠢᠭᠡᠳ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠥᠯᠥᠪᠵᠢᠭᠦᠯᠭᠡ ᠶᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ ᠪᠠ ᠠᠵᠤ ᠦᠢᠯᠡᠰ ᠤᠨ ᠲᠥᠯᠥᠪᠵᠢᠭᠦᠯᠭᠡ ᠶᠢ ᠬᠠᠷᠢᠯᠴᠠᠨ ᠵᠣᠯᠭᠠᠭᠤᠯᠵᠤ᠂ ᠤᠳᠤᠬᠠᠨ ᠪᠤᠯᠳᠠᠯ᠎ᠠ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ ᠪᠠ ᠠᠵᠤ ᠦᠢᠯᠡᠰ ᠤᠨ ᠵᠠᠮ ᠢ ᠨᠡᠶᠢᠳᠡ 5500 ᠭᠠᠷᠤᠢ  ᠺᠢᠯᠤᠮᠧᠲᠷ ᠵᠠᠰᠠᠬᠤ ᠶᠢᠨ ᠬᠠᠮᠲᠤ᠂ ᠬᠥᠳᠡᠭᠡ ᠲᠣᠰᠬᠤᠨ ᠤ ᠵᠠᠰᠠᠮᠠᠯ ᠵᠠᠮ ᠬᠢᠭᠡᠳ ᠵᠠᠮ ᠳᠠᠭᠠᠤ ᠶᠢᠨ ᠲᠦᠭᠦᠭᠡᠷᠦᠮᠵᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠠᠶᠢᠯ ᠲᠣᠰᠬᠤᠨ ᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠳᠠᠶᠢᠴᠢᠯᠠᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠪᠦ᠋ᠳᠦᠮᠵᠢᠳᠠᠢ ᠨᠡᠮᠡᠭᠳᠡᠭᠦᠯᠪᠠ᠃   ᠮᠠᠨ ᠤ ᠣᠷᠣᠨ ᠨᠢᠭᠡᠨᠲᠡ 3 ᠵᠢᠯ ᠳᠠᠷᠠᠭᠠᠯᠠᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠮᠵᠢᠯᠲᠠ ᠲᠠᠢ ᠡᠭᠦᠳᠦᠨ ᠪᠠᠶᠢᠭᠤᠯᠵᠤ᠂ X714 ᠪᠡᠯᠭᠦᠳᠡᠢ ᠰᠦᠮ᠎ᠡ — ᠳ᠋ᠤᠩᠺᠸᠤ ᠰᠢᠶᠠᠨ ᠬᠦᠷᠬᠦ ᠵᠠᠰᠠᠮᠠᠯ ᠵᠠᠮ 2021 ᠣᠨ ᠤ ᠪᠦᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾ ᠢᠶᠠᠷ ᠦᠨᠡᠯᠡᠭᠳᠡᠨ᠂ X628 ᠨᠡᠩᠰᠤ ᠪᠠᠯᠭᠠᠰᠤ — ᠪᠤᠷᠤᠪᠠᠯᠭᠠᠰᠤ ᠬᠦᠷᠬᠦ ᠬᠤᠪᠢᠰᠬᠠᠯ ᠤᠨ ᠵᠢᠭᠤᠯᠴᠢᠯᠠᠯ ᠤᠨ ᠵᠠᠰᠠᠮᠠᠯ ᠵᠠᠮ 2022 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠦᠮᠦᠰ ᠤᠨ ᠬᠦᠷᠢᠶᠡᠯᠡᠯ ᠢ ᠤᠯᠤᠭᠰᠠᠨ ᠵᠠᠰᠠᠮᠠᠯ ᠵᠠᠮ︾ ᠢᠶᠠᠷ ᠦᠨᠡᠯᠡᠭᠳᠡᠵᠦ᠂ ᠣᠩᠨᠢᠭᠤᠳ ᠬᠤᠰᠢᠭᠤᠨ ᠤ ᠪᠣᠷᠣᠬᠤᠲᠠ — ᠪᠠᠶᠠᠨᠲᠣᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠰᠠᠮᠠᠯ ᠵᠠᠮ 2023 ᠣᠨ ᠤ ᠪᠦᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾ ᠢᠶᠠᠷ ᠦᠨᠡᠯᠡᠭᠳᠡᠪᠠ᠃   ︽ᠮᠠᠨ ᠤ ᠤᠷᠤᠨ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ ᠪᠠ ᠠᠵᠤ ᠦᠢᠯᠡᠰ ᠤᠨ ᠵᠠᠮ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︿ᠬᠥᠳᠡᠭᠡ ᠲᠣᠰᠬᠤᠨ ᠤ ᠵᠠᠰᠠᠮᠠᠯ ᠵᠠᠮ +﹀ ᠵᠠᠭᠪᠤᠷ ᠢ ᠬᠦᠴᠦᠯᠡᠨ ᠬᠥᠭᠵᠢᠭᠦᠯᠵᠦ᠂ ᠤᠮᠠᠷᠠᠳᠤ ᠬᠢᠯᠢ ᠶᠢᠨ ᠰᠣᠶᠣᠯ᠂ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠪᠠ ᠪᠣᠬᠢᠷᠲᠤᠯ ᠥᠬᠡᠶ ᠠᠮᠢ ᠠᠬᠤᠶ ᠶᠢᠨ ᠳᠠᠪᠠᠭᠤᠯᠢᠭ ᠢ ᠭᠦᠨᠵᠡᠭᠡᠶ ᠠᠭᠤᠳᠠᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠢ ᠬᠥᠳᠡᠭᠡ ᠲᠣᠰᠬᠤᠨ ᠤ ᠵᠢᠭᠤᠯᠴᠢᠯᠠᠯ᠂ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠵᠡᠷᠭᠡ ᠲᠥᠷᠥᠯ ᠵᠦᠢᠯ ᠲᠠᠢ ᠵᠡᠷᠭᠡ ᠪᠠᠷ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ︿ᠰᠢᠶᠠᠩ ᠲᠣᠰᠬᠤᠨ ᠢ ᠨᠡᠶᠢᠳᠡᠮ ᠪᠥᠷᠬᠦᠭᠦᠯᠬᠦ﹀ ᠶᠢ ᠪᠡᠶᠡᠯᠡᠭᠦᠯᠦᠨ᠎ᠡ︾ ᠭᠡᠵᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号