7 ᠰᠠᠷ᠎ᠠ ᠶᠢᠨ 13 ᠤ ᠡᠳᠦᠷ ᠤᠨ 10 ᠴᠠᠭ 44 ᠮᠢᠨᠦ᠋ᠲ ᠲᠧ᠂ ᠵᠶᠢ ᠰᠢᠶᠠᠩ ᠠᠭᠠᠷ ᠤᠨ ᠠᠶᠠᠯᠠᠯ ᠤᠨ | HO02379 ᠡᠭᠡᠯᠵᠢ ᠶᠢᠨ ᠨᠢᠰᠭᠡᠯ ᠳᠤᠭᠲᠠᠭᠤᠨ ᠪᠠᠭᠤᠵᠤ ᠢᠷᠡᠬᠦ ᠶᠢ ᠳᠠᠭᠠᠯᠳᠤᠨ᠂ ᠱᠠᠩᠬᠠᠢ — | ᠰᠢᠯᠢᠩᠬᠤᠲᠠ ᠶᠢᠨ ᠰᠢᠭᠤᠳ ᠨᠢᠰᠬᠦ ᠠᠭᠠᠷ ᠤᠨ ᠠᠶᠠᠯᠠᠯ ᠤᠨ ᠠᠩᠬᠠᠨ ᠤ ᠨᠢᠰᠦᠯᠲᠡ ᠠᠮᠵᠢᠯᠲᠠ ᠤᠯᠤᠭᠰᠠᠨ ᠢ | ᠬᠠᠷᠠᠭᠤᠯᠵᠤ ᠪᠤᠢ᠃ | ᠰᠢᠯᠢᠩᠬᠤᠲᠠ ᠶᠢᠨ ᠨᠢᠰᠭᠡᠯ ᠤᠨ ᠪᠠᠭᠤᠳᠠᠯ ᠠᠷᠠᠳ ᠤᠨ ᠠᠭᠠᠷ ᠤᠨ ᠠᠶᠠᠯᠠᠯ ᠤᠨ ᠡᠲᠡᠭᠡᠳ ᠤᠨ ᠬᠢᠨ ᠤ ᠬᠠᠮᠤᠭ ᠤᠨ | ᠦᠨᠳᠦᠷ ᠬᠦᠨᠳᠦᠳᠭᠡᠯ ᠪᠤᠯᠬᠤ ︽ᠤᠰᠤᠨ ᠡᠭᠦᠳᠡ ᠪᠠᠷ ᠥᠩᠭᠡᠷᠡᠬᠦ︾ ᠶᠤᠰᠤᠯᠠᠯ ᠢᠶᠠᠷ ᠲᠤᠰ ᠡᠭᠡᠯᠵᠢ ᠶᠢᠨ | ᠨᠢᠰᠭᠡᠯ ᠢ ᠤᠭᠲᠤᠵᠤ᠂ ᠵᠶᠢ ᠰᠢᠶᠠᠩ ᠠᠭᠠᠷ ᠤᠨ ᠠᠶᠠᠯᠠᠯ ᠤᠨ ᠺᠤᠮᠫᠠᠨᠢ᠂ ᠰᠢᠯᠢ ᠶᠢᠨ ᠭᠤᠤᠯ ᠠᠶᠢᠮᠠᠭ ᠤᠨ ᠰᠤᠶᠤᠯ | ᠪᠡᠶ᠎ᠡ ᠶᠢᠨ ᠲᠠᠮᠢᠷ ᠷᠠᠳᠢᠤ᠋ ᠲᠤᠯᠸᠢᠰ ᠤᠨ ᠳᠤᠪᠴᠢᠶ᠎ᠡ᠂ ᠬᠤᠸᠠ ᠴᠤᠩ ᠤᠯᠤᠰ ᠤᠨ ᠵᠢᠭᠤᠯᠴᠢᠯᠠᠯ ᠤᠨ | ᠪᠦᠯᠦᠭᠯᠡᠯ ᠤᠨ ᠬᠢᠨ ᠲᠠᠢ ᠬᠠᠮᠲᠤᠷᠠᠨ᠂ ᠨᠢᠰᠭᠡᠯ ᠤᠨ ᠪᠠᠭᠤᠳᠠᠯ ᠳᠤ ᠥᠪᠡᠳᠡᠭᠰᠢ ᠶᠡᠭᠡ ᠠᠩᠬ᠎ᠠ ᠨᠢᠰᠦᠭᠰᠡᠨ ᠶᠤᠰᠤᠯᠠᠯ | ᠶᠠᠪᠤᠭᠤᠯᠵᠤ᠂ ᠱᠠᠩᠬᠠᠢ — ᠰᠢᠯᠢᠩᠬᠤᠲᠠ ᠶᠢᠨ ᠱᠤᠭᠤᠮ ᠤᠨ ᠠᠩᠬ᠎ᠠ ᠨᠢᠰᠦᠭᠰᠡᠨ ᠠᠶᠠᠨᠴᠢᠳ ᠲᠧ ᠲᠠᠯ᠎ᠠ | ᠨᠤᠲᠤᠭ ᠤᠨ ᠰᠤᠶᠤᠯ ᠢ ᠠᠭᠤᠰᠤᠯᠴᠠᠭᠤᠯᠤᠭᠰᠠᠨ ᠤᠭᠲᠤᠬᠤ ᠨᠠᠶᠢᠷ ᠪᠡᠯᠡᠳᠭᠡᠵᠡᠢ᠃ 156 ᠠᠶᠠᠨᠴᠢᠨ ᠠᠩᠬ᠎ᠠ | ᠨᠢᠰᠦᠭᠰᠡᠨ ᠪᠦᠯᠬᠦᠮ ᠤᠨ ᠬᠡᠰᠢᠭᠦᠨ ᠤ ᠬᠤᠪᠢ ᠪᠠᠷ᠂ ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ 34 | ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ ᠤᠷᠤᠯᠴᠠᠬᠤ ᠪᠠᠷ ᠢᠷᠡᠵᠦ᠂ ᠰᠢᠯᠢ ᠶᠢᠨ ᠭᠤᠤᠯ ᠤᠨ | ᠲᠠᠯ᠎ᠠ ᠨᠤᠲᠤᠭ ᠲᠠᠬᠢ ᠵᠤᠭᠠᠲᠠᠢ 4 ᠡᠳᠦᠷ ᠤᠨ ᠠᠶᠠᠯᠠᠯ ᠵᠢᠭᠤᠯᠴᠢᠯᠠᠯ ᠢᠶᠠᠨ ᠡᠬᠢᠯᠡᠭᠦᠯᠵᠡᠢ᠃ | ᠰᠢᠯᠢᠩᠬᠤᠲᠠ ᠪᠠ ᠱᠠᠩᠬᠠᠢ ᠶᠢᠨ ᠬᠤᠭᠤᠷᠤᠨᠳᠤᠬᠢ ᠠᠭᠠᠷ ᠤᠨ ᠠᠶᠠᠯᠠᠯ ᠤᠨ ᠵᠢᠩᠬᠢᠨᠢ ᠪᠠᠷ ᠨᠡᠪᠲᠡᠷᠡᠭᠰᠡᠨ ᠨᠢ | ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠨ᠂ ᠬᠤᠶᠠᠷ ᠭᠠᠵᠠᠷ ᠤᠨ ᠠᠵᠤ ᠠᠬᠤᠢ᠂ ᠰᠤᠶᠤᠯ ᠪᠠ | ᠵᠢᠭᠤᠯᠴᠢᠯᠠᠯ ᠤᠨ ᠰᠤᠯᠢᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠤᠯᠭᠤᠬᠤ ᠪᠤᠯᠤᠨ᠎ᠠ᠃ |