ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ︾ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠦᠰᠢᠶᠡᠲᠦ ᠠᠭᠤᠳᠠᠮ ᠲᠠᠯᠠᠪᠠᠢ ᠶᠢᠨ ᠰᠣᠶᠣᠯ ᠤᠨ ᠨᠠᠶᠢᠷ ᠢ ᠡᠷᠭᠢᠯᠡᠪᠡ
ᠨᠡᠶᠢᠲᠡᠯᠡᠭᠰᠡᠨ ᠴᠠᠭ᠄
2024/7/17
    ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭᠲᠦ ᠶᠢ ᠪᠣᠢ ᠪᠣᠯᠭᠠᠬᠤ ᠶᠢᠨ ᠲᠥᠯᠥᠭᠡ᠂ 7 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ︾ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠦᠰᠢᠶᠡᠲᠦ ᠲᠠᠯᠠᠪᠠᠢ ᠶᠢᠨ ᠰᠣᠶᠣᠯ ᠤᠨ ᠨᠠᠶᠢᠷ ᠢ ᠲᠦᠰᠢᠶᠡᠲᠦ ᠲᠠᠯᠠᠪᠠᠢ ᠳᠤ ᠡᠷᠬᠢᠯᠡᠪᠡ᠃    ᠣᠷᠣᠢ ᠶᠢᠨ ᠴᠠᠭ ᠲᠤ᠂ ᠠᠵᠢᠯᠯᠠᠭ᠎ᠠ ᠶᠢᠨ ᠠᠬᠤᠢ ᠲᠠᠯᠠᠪᠠᠢ ᠳᠤ ᠬᠥᠮᠦᠨ ᠣᠯᠠᠨ ᠴᠤᠭᠯᠠᠷᠠᠵᠤ᠂ ᠬᠥᠷ ᠬᠥᠭᠵᠢᠶᠡᠨ ᠢᠶᠠᠷ ᠪᠢᠯᠬᠠᠨ᠎ᠠ᠃ ᠠᠵᠢᠯᠯᠠᠭ᠎ᠠ ᠨᠢ ︽ᠲᠠᠰ ᠤᠨ ᠭᠤᠣᠯ ᠤᠨ ᠮᠠᠭᠲᠠᠭᠠᠯ︾ ᠭᠡᠬᠦ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠳᠥᠷᠪᠡᠨ ᠤᠲᠠᠰᠤᠲᠤ ᠬᠤᠭᠤᠷ ᠤᠨ ᠨᠠᠶᠢᠷᠠᠯ ᠬᠥᠭᠵᠢᠮ ︽ᠴᠢᠨ᠋ᠸ᠎ᠠ ᠶᠢᠨ ᠴᠠᠭᠠᠨ ᠪᠤᠭᠤ︾ ᠂ ᠬᠤᠷᠴᠢᠨ ᠤ ᠠᠷᠠᠳ ᠤᠨ ᠳᠠᠭᠤᠤ ︽ᠲᠣᠪᠲᠣᠩ ᠤᠨ ᠠᠬ᠎ᠠ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠢᠯᠠᠯᠲᠠ ᠲᠠᠢ ᠪᠠᠷ ᠪᠤᠴᠠᠵᠤ ᠢᠷᠡᠭᠰᠡᠨ︾ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠠᠵᠢᠯᠯᠠᠭ᠎ᠠ ᠨᠢ ᠤᠷᠠᠯᠢᠭ ᠤᠨ ᠲᠣᠭᠯᠠᠯᠲᠠ ᠶᠢᠨ ᠬᠡᠯᠪᠡᠷᠢ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠶᠠᠷᠢᠵᠤ᠂ ᠨᠤᠲᠤᠭ ᠤᠰᠤᠨ ᠳᠠᠭᠠᠨ ᠬᠠᠨᠳᠤᠭᠤᠯᠤᠭᠰᠠᠨ ᠬᠠᠶᠢᠷ᠎ᠠ ᠪᠠ ᠦᠨᠳᠦᠰᠦᠲᠡᠨ ᠤ ᠪᠦᠯᠬᠦᠮᠳᠡᠯ ᠤᠨ ᠲᠤᠬᠠᠢ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠵᠦ᠂ ᠲᠤᠬᠠᠢ ᠶᠢᠨ ᠲᠠᠯᠠᠪᠤᠷ ᠲᠤ ᠠᠯᠠᠭ᠎ᠠ ᠲᠠᠰᠢᠯᠲᠠ ᠶᠢᠨ ᠳᠠᠭᠤᠨ ᠲᠠᠰᠤᠷᠠᠯᠲᠠ ᠥᠬᠡᠶ ᠨᠢᠵᠢᠭᠢᠨᠡᠪᠡ᠃    ︽ᠥᠨᠥᠳᠦᠷ ᠤᠨ ᠰᠣᠶᠣᠯ ᠤᠨ ᠨᠠᠶᠢᠷ ᠤᠨ ᠠᠵᠢᠯᠯᠠᠭ᠎ᠠ ᠮᠠᠰᠢ ᠭᠤᠶᠢᠳᠠ ᠰᠠᠶᠢᠬᠠᠨ ᠪᠠᠶᠢᠨ᠎ᠠ᠂ ᠪᠢ ᠮᠣᠷᠢᠨ ᠬᠤᠭᠤᠷ᠂ ᠯᠠᠷᠵᠢᠶ᠎ᠠ ᠶᠠᠩᠪᠠ ᠲᠠᠲᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠲᠣᠭᠯᠠᠯᠲᠠ ᠶᠢ ᠣᠯᠵᠤ ᠬᠠᠷᠠᠭᠠᠳ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ ᠨᠠᠳᠠ ᠳᠤ ᠮᠡᠳᠡᠷᠡᠭᠦᠯᠵᠦ᠂ ᠡᠨᠡ ᠬᠦ ᠠᠵᠢᠯᠯᠠᠭ᠎ᠠ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ︾  ᠬᠡᠵᠤ ᠦᠵᠡᠭᠴᠢᠳ ᠪᠤᠤ ᠶᠤᠸᠠᠨ ᠶᠤᠸᠠᠨ ᠬᠡᠯᠡᠪᠡ᠃    ᠲᠤᠰ ᠤᠳᠠᠭᠠᠨ ᠤ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠤᠷᠠᠯᠢᠭ ᠤᠨ ᠲᠣᠭᠯᠠᠯᠲᠠ ᠶᠢᠨ ᠠᠷᠭ᠎ᠠ ᠬᠡᠯᠪᠡᠷᠢ ᠪᠠᠷ ᠨᠤᠲᠤᠭ ᠤᠰᠤ ᠪᠠᠨ ᠮᠠᠭᠲᠠᠨ ᠰᠠᠶᠢᠰᠢᠶᠠᠵᠤ᠂ ᠡᠬᠡ ᠤᠯᠤᠰ ᠢᠶᠠᠨ ᠮᠠᠭᠲᠠᠨ ᠳᠠᠭᠤᠯᠠᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠥᠩᠭᠡ ᠢᠯᠭᠠᠷᠠᠭᠰᠠᠨ ᠰᠣᠶᠣᠯ ᠤᠨ ᠬᠡᠯᠪᠡᠷᠢ ᠪᠠᠶᠢᠳᠠᠯ ᠪᠣᠯᠤᠨ ᠴᠣ ᠰᠢᠨ᠎ᠡ ᠳᠦᠷᠰᠦ ᠪᠠᠶᠢᠳᠠᠯ ᠢ ᠵᠢᠷᠤᠭᠯᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠤᠮᠠᠷᠠᠲᠤ ᠬᠢᠯᠢ ᠶᠢᠨ ᠦᠯᠢᠭᠡᠷ ᠢ ᠰᠠᠶᠢᠲᠤᠷ ᠶᠠᠷᠢᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠪᠠ᠃    ᠲᠦᠰᠢᠶᠡᠲᠦ ᠠᠭᠤᠳᠠᠮ ᠲᠠᠯᠠᠪᠠᠢ ᠶᠢᠨ ᠰᠣᠶᠣᠯ ᠤᠨ ᠨᠠᠶᠢᠷ ᠢ ᠨᠢᠭᠡᠨᠲᠡ 14 ᠬᠤᠭᠤᠴᠠᠭ᠎ᠠ ᠠᠮᠵᠢᠯᠲᠠ ᠲᠠᠢ ᠡᠷᠬᠢᠯᠡᠪᠡ᠃ ᠲᠤᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠤᠮᠠᠷᠠᠲᠤ ᠬᠢᠯᠢ ᠶᠢᠨ ᠬᠥᠪᠡᠭᠦᠳ ᠥᠬᠢᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃ ᠪᠢᠳᠡ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠪᠣᠯᠤᠨ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠃ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠰᠣᠶᠣᠯ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠤᠨ ᠣᠷᠳᠣᠨ ᠤ ᠠᠵᠢᠯᠲᠠᠨ ᠯᠢ ᠴᠦᠨ ᠶᠠᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号