ᠭᠤᠣᠯ ᠤᠨ ᠪᠠᠶᠢᠰᠢᠩ ᠪᠠᠯᠭᠠᠰᠤ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠭᠡᠷ ᠤᠨ ᠰᠤᠷᠲᠠᠯ ᠭᠡᠷ ᠤᠨ ᠰᠤᠷᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/18
   ᠭᠡᠷ ᠤᠨ ᠰᠤᠷᠲᠠᠯ ᠭᠡᠷ ᠤᠨ ᠰᠤᠷᠭᠠᠯ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠭᠡᠷ ᠪᠦᠯᠢ ᠶᠢᠨ ᠡᠶ᠎ᠡ ᠨᠠᠶᠢᠷᠠᠮᠳᠠᠭᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠳᠬᠡᠬᠦ᠂ ᠦᠷ᠎ᠡ ᠬᠡᠦᠬᠡᠳ ᠢᠶᠠᠨ ᠰᠤᠷᠭᠠᠨ ᠬᠥᠮᠦᠵᠢᠭᠦᠯᠵᠦ ᠡᠷᠡᠭᠦᠯ ᠢᠶᠠᠷ ᠦᠰᠦᠨ ᠪᠤᠶᠢᠵᠢᠭᠤᠯᠬᠤ ᠶᠢᠨ ᠴᠢᠬᠤᠯᠠ ᠣᠶᠤᠨ ᠰᠠᠨᠠᠭᠠᠨ ᠤ ᠲᠤᠯᠭᠠᠭᠤᠷᠢᠯᠠᠯ ᠮᠥᠨ᠃ ᠰᠢᠯᠢᠳᠡᠭ ᠭᠡᠷ ᠤᠨ ᠰᠤᠷᠲᠠᠯ ᠭᠡᠷ ᠤᠨ ᠰᠤᠷᠭᠠᠯ ᠢ ᠤᠯᠠᠮ ᠨᠢᠭᠡ ᠠᠯᠬᠤᠮ ᠤᠯᠠᠮᠵᠢᠯᠠᠨ ᠵᠠᠯᠭᠠᠮᠵᠢᠯᠠᠵᠤ᠂ ᠪᠣᠯᠪᠠᠰᠤᠨ ᠭᠡᠷ ᠪᠦᠯᠢ ᠶᠢ ᠪᠠᠶᠢᠭᠤᠯᠬᠤ ᠶᠢᠨ ᠲᠥᠯᠥᠭᠡ᠂ 7 ᠰᠠᠷ᠎ᠠ ᠶᠢᠨ 16 ᠤ ᠡᠳᠦᠷ᠂ ᠭᠤᠣᠯ ᠤᠨ ᠪᠠᠶᠢᠰᠢᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠭᠡᠷ ᠤᠨ ᠰᠤᠷᠲᠠᠯ ᠭᠡᠷ ᠤᠨ ᠰᠤᠷᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠳᠠᠪᠬᠤᠷᠭ᠎ᠠ ᠠᠴᠠ ᠭᠡᠷ ᠤᠨ ᠰᠤᠷᠲᠠᠯ ᠭᠡᠷ ᠤᠨ ᠪᠣᠯᠪᠠᠰᠤᠷᠠᠯ ᠤᠨ ᠠᠭᠤᠯᠭ᠎ᠠ᠂ ᠦᠨ᠎ᠡ ᠥᠷᠲᠡᠭ ᠢ ᠭᠦᠨᠵᠡᠭᠡᠢ ᠲᠠᠶᠢᠯᠪᠤᠷᠢᠯᠠᠵᠤ᠂ ᠦᠭᠡ ᠳᠠᠭᠤᠨ ᠰᠡᠳᠬᠢᠯᠭᠡ ᠬᠤᠣᠰᠯᠠᠭᠰᠠᠨ ᠪᠠᠶᠢᠳᠠᠯ ᠢ ᠦᠨᠡᠨ ᠪᠣᠳᠠᠲᠠᠢ ᠵᠢᠱᠢᠶ᠎ᠡ ᠲᠠᠢ ᠤᠶᠠᠯᠳᠤᠭᠤᠯᠵᠤ᠂ ᠣᠯᠠᠨ ᠳᠤ ᠪᠦᠬᠦ ᠤᠯᠤᠰ ᠤᠨ ᠪᠣᠯᠪᠠᠰᠤᠨ ᠭᠡᠷ ᠪᠦᠯᠢ ᠭᠦᠸᠧ ᠹᠧᠩ ᠬᠠᠢ ᠶᠢᠨ ᠭᠡᠷ ᠪᠦᠯᠢ ᠵᠢᠴᠢ ᠠᠶᠢᠮᠠᠭ ᠤᠨ ᠳᠡᠰ ᠤᠨ ᠪᠣᠯᠪᠠᠰᠤᠨ ᠭᠡᠷ ᠪᠦᠯᠢ ᠶᠢᠨ ᠰᠢᠦᠢ ᠰᠢᠶᠠᠩ ᠯᠠᠨ ᠤ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ ᠰᠤᠷᠲᠠᠯ ᠤᠨ ᠦᠯᠢᠭᠡᠷ ᠢ ᠤᠬᠠᠭᠤᠯᠤᠨ ᠲᠠᠶᠢᠯᠪᠤᠷᠢᠯᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠴᠢᠩ ᠰᠡᠳᠬᠢᠯ ᠠᠴᠠ ᠪᠠᠨ ᠴᠢᠩ ᠰᠡᠳᠬᠢᠯ ᠠᠴᠠ ᠪᠠᠨ ᠤᠬᠠᠭᠤᠯᠤᠨ ᠲᠠᠶᠢᠯᠪᠤᠷᠢᠯᠠᠬᠤ ᠨᠢ ᠣᠯᠠᠨ ᠳᠤ ᠰᠢᠯᠢᠳᠡᠭ ᠭᠡᠷ ᠤᠨ ᠰᠤᠷᠲᠠᠯ ᠪᠢᠰᠢ᠂ ᠭᠦᠨ ᠵᠤᠵᠠᠭᠠᠨ ᠪᠢᠰᠢ ᠭᠡᠳᠡᠭ ᠢ ᠮᠡᠳᠡᠷᠡᠭᠦᠯᠵᠦ᠂ ᠬᠥᠮᠦᠰ ᠲᠤ ᠬᠢᠵᠠᠭᠠᠷ ᠦᠭᠡᠢ ᠶᠡᠭᠡ ᠶᠣᠰᠣ ᠦᠭᠡᠢ ᠰᠠᠨᠠᠭᠳᠠᠵᠤ ᠪᠠᠶᠢᠨ᠎ᠠ᠂ ᠲᠡᠭᠦᠨ ᠳᠤ ᠲᠡᠦᠬᠡ ᠶᠢᠨ ᠦᠯᠢᠭᠡᠷ ᠪᠠᠶᠢᠳᠠᠯ ᠪᠠᠶᠢᠬᠤ ᠪᠠᠷ ᠪᠠᠷᠠᠬᠤ ᠦᠭᠡᠢ᠂ ᠮᠠᠨ ᠤ ᠳᠡᠷᠭᠡᠳᠡ ᠳᠠᠷᠤᠢ ᠮᠠᠰᠢ ᠣᠯᠠᠨ ᠦᠨᠡᠨ ᠪᠣᠳᠠᠲᠠᠢ ᠦᠯᠢᠭᠡᠷ ᠳᠠᠭᠤᠷᠢᠶᠠᠯ ᠲᠠᠢ ᠶᠤᠮ᠃    ᠳᠠᠷᠠᠭ᠎ᠠ ᠨᠢ᠂ ᠣᠯᠠᠨ ᠢᠶᠠᠷ ᠢᠶᠠᠨ ᠬᠠᠷᠢᠯᠴᠠᠨ ᠰᠣᠯᠢᠯᠴᠠᠵᠤ᠂ ᠪᠣᠳᠣᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠡᠭᠡᠯ ᠪᠣᠷᠣᠭᠵᠢᠭᠤᠨ ᠦᠭᠡ ᠬᠡᠯᠡ ᠪᠠᠷ ᠥᠪᠡᠷ ᠤᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ ᠤᠨ ᠲᠤᠬᠠᠢ ᠣᠶᠢᠯᠠᠭᠠᠯᠲᠠ ᠪᠠᠨ ᠠᠭᠤᠵᠢᠷᠠᠲᠠᠯ᠎ᠠ ᠶᠠᠷᠢᠯᠴᠠᠬᠤ ᠶᠢᠨ ᠬᠠᠮᠲᠤ ᠦᠷ᠎ᠡ ᠬᠡᠦᠬᠡᠳ ᠢᠶᠠᠨ ᠬᠡᠷᠬᠢᠨ ᠠᠬᠠᠮᠠᠳ ᠨᠠᠰᠤᠲᠠᠨ ᠢᠶᠠᠨ ᠬᠦᠨᠳᠦᠯᠡᠬᠦ᠂ ᠭᠡᠷ ᠤᠨ ᠬᠥᠮᠦᠰ ᠲᠠᠢ ᠪᠠᠨ ᠬᠡᠷᠬᠢᠨ ᠨᠡᠩ ᠰᠠᠶᠢᠲᠤᠷ ᠬᠠᠷᠢᠯᠴᠠᠬᠤ ᠶᠢ ᠬᠥᠲᠥᠯᠥᠨ ᠵᠢᠯᠣᠭᠤᠳᠬᠤ ᠲᠤᠬᠠᠢ ᠲᠥᠷᠥᠭᠳᠡᠯ ᠢᠶᠠᠨ ᠰᠣᠯᠢᠯᠴᠠᠪᠠ᠃    ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠡᠭᠡᠯ ᠵᠢᠷ ᠤᠨ ᠠᠮᠢᠳᠤᠷᠠᠯ ᠢᠶᠠᠷ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠦᠨᠳᠦᠯᠡᠬᠦ᠂ ᠡᠬᠡ ᠨᠢᠯᠬᠠᠰ ᠢᠶᠠᠨ ᠠᠴᠢᠯᠠᠬᠤ᠂ ᠬᠥᠷᠰᠢ ᠵᠡᠷᠭᠡᠯᠡᠳᠡᠭᠡ ᠲᠠᠢ ᠪᠠᠨ ᠡᠶ᠎ᠡ ᠵᠣᠬᠢᠴᠠᠯ ᠲᠠᠢ ᠪᠣᠯᠪᠠᠰᠤᠨ ᠭᠡᠷ ᠤᠨ ᠰᠤᠷᠲᠠᠯ ᠢ ᠵᠢᠵᠢᠭ ᠰᠠᠵᠢᠭ ᠪᠠᠶᠢᠳᠠᠯ ᠢᠶᠠᠷ ᠲᠠᠶᠢᠯᠪᠤᠷᠢᠯᠠᠵᠤ᠂ ᠰᠠᠶᠢᠨ ᠰᠠᠶᠢᠬᠠᠨ ᠶᠣᠰᠣ ᠰᠤᠷᠲᠠᠬᠤᠨ ᠤ ᠬᠡᠪ ᠰᠤᠷᠲᠠᠯ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠦᠭᠡᠢ ᠲᠥᠪᠯᠡᠷᠡᠭᠦᠯᠵᠦ᠂ ᠰᠢᠯᠢᠳᠡᠭ ᠭᠡᠷ ᠤᠨ ᠰᠤᠷᠭᠠᠯ ᠭᠡᠷ ᠤᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ ᠪᠤᠶᠢᠵᠢᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠠᠷᠠᠳ ᠤᠨ ᠰᠤᠷᠲᠠᠯ ᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠡᠷ ᠪᠦᠯᠢ ᠳᠤ ᠪᠠᠭ᠎ᠠ ᠪᠠᠭ᠎ᠠ ᠪᠠᠷ ᠨᠠᠷᠢᠯᠢᠭ ᠨᠠᠶᠢᠳᠠᠪᠤᠷᠢᠵᠢᠭᠤᠯᠵᠤ᠂ ᠪᠦᠬᠦ᠋ᠢᠯᠡ ᠬᠠᠷᠢᠶ᠎ᠠ ᠣᠷᠣᠨ ᠳᠤ ᠬᠥᠮᠦᠨ ᠪᠦᠬᠦᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠤ ᠪᠣᠯᠪᠠᠰᠤᠨ ᠢ ᠡᠷᠬᠢᠮᠯᠡᠬᠦ᠂ ᠭᠡᠷ ᠪᠦᠯᠢ ᠪᠣᠯᠭᠠᠨ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠳᠤ ᠪᠣᠯᠪᠠᠰᠤᠨ ᠢ ᠡᠷᠬᠢᠮᠯᠡᠬᠦ᠂ ᠡᠷᠦᠬᠡ ᠪᠣᠯᠭᠠᠨ ᠨᠥᠬᠦᠷᠰᠡᠭ ᠬᠠᠷᠢᠯᠴᠠᠨ ᠬᠠᠪᠰᠤᠷᠤᠯᠴᠠᠵᠤ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号