ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
    7 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠠᠶᠢᠳᠠᠯ ᠢ ᠵᠦᠢᠯ ᠳᠠᠷᠠᠭᠠᠯᠠᠨ ᠵᠠᠳᠠᠯᠵᠤ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ ᠶᠢ ᠪᠠᠲᠤ ᠡᠵᠡᠮᠳᠡᠵᠦ᠂ ᠠᠵᠢᠯ ᠤᠨ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠪᠦᠬᠦ ᠵᠢᠯ ᠤᠨ ᠲᠣᠭᠲᠠᠭᠰᠠᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠷᠢᠶ᠎ᠡ ᠪᠠᠨ ᠨᠥᠬᠦᠪᠥᠷᠢᠯᠡᠵᠦ ᠬᠦᠴᠢᠷ ᠢ ᠰᠥᠷᠦᠨ ᠤᠷᠤᠭᠰᠢᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠢᠶᠠᠨ ᠨᠥᠬᠦᠪᠥᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢᠶᠠᠨ ᠠᠭᠤᠳᠠᠯᠵᠤ᠂ ᠭᠤᠷᠪᠠᠨ ᠤᠯᠠᠷᠢᠯ ᠤᠨ ᠰᠢᠪᠲᠤᠯᠤᠯᠲᠠ ᠶᠢᠨ ᠬᠤᠭᠤᠴᠠᠭᠠᠨ ᠳᠤ ᠰᠢᠪᠲᠤᠯᠤᠯᠲᠠ ᠬᠢᠵᠦ᠂ ᠨᠡᠩ ᠲᠡᠭᠦᠰ ᠲᠡᠭᠦᠯᠳᠡᠷ ᠪᠠᠶᠢᠳᠠᠯ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠳᠬᠤᠨ ᠪᠣᠳᠠᠲᠠᠢ ᠨᠠᠷᠢᠯᠢᠭ ᠠᠳᠬᠤᠵᠤ᠂ ᠠᠵᠤ ᠦᠢᠯᠡᠰ ᠢ ᠬᠦᠴᠦᠷᠬᠡᠭᠵᠢᠭᠦᠯᠵᠦ᠂ ᠪᠣᠳᠠᠲᠤ ᠴᠣᠭᠴᠠ ᠶᠢ ᠬᠦᠴᠦᠷᠬᠡᠭᠵᠢᠭᠦᠯᠵᠦ᠂ ᠬᠡᠷᠡᠭᠯᠡᠭᠡ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠳᠠᠯᠳᠤᠭᠠᠴᠢᠨ ᠤᠷᠢᠬᠤ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ᠂ ᠲᠥᠷᠥᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ︾ ᠭᠡᠬᠦ ᠠᠵᠠ ᠲᠣᠬᠢᠶᠠᠯ ᠤᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠪᠠᠷᠢᠮᠲᠠᠯᠠᠨ᠂ ᠲᠥᠷᠥᠯ ᠵᠦᠢᠯ ᠢ ᠲᠣᠬᠢᠷᠠᠭᠤᠯᠤᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠭᠠᠷᠳᠠᠮ ᠢ ᠭᠦᠢᠴᠡᠳᠬᠡᠬᠦ ᠵᠡᠷᠭᠡ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ ᠤ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ᠂ ᠣᠷᠣᠯᠠᠨ ᠲᠠᠷᠢᠬᠤ᠂ ᠠᠵᠢᠯ ᠢᠶᠠᠷ ᠲᠡᠳᠬᠦᠮᠵᠢ ᠶᠢ ᠣᠷᠣᠯᠠᠭᠤᠯᠬᠤ᠂ ᠬᠦᠴᠦ ᠶᠠᠪᠤᠵᠤ ᠠᠵᠢᠯ ᠣᠯᠬᠤ ᠵᠡᠷᠭᠡ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠤᠬᠠᠭᠤᠯᠤᠨ ᠳᠡᠯᠭᠡᠷᠡᠭᠦᠯᠬᠦ ᠡᠷᠴᠢᠮ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠡᠭᠡ ᠬᠡᠮᠵᠢᠶ᠎ᠡ ᠪᠠᠷ ᠪᠤᠶᠤ ᠶᠡᠭᠡ ᠬᠡᠪᠴᠢᠶ᠎ᠡ ᠪᠠᠷ ᠪᠠᠭᠤᠷᠠᠭᠰᠠᠨ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ᠂ ︽ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠪᠣᠯᠤᠨ ︽ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠨᠠᠢᠮᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠢᠬᠦ︾ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠢ ᠴᠢᠩᠭ᠎ᠠ ᠠᠩᠬᠠᠷᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ᠤᠴᠢᠷ ᠶᠠᠪᠤᠳᠠᠯ ᠤᠨ ᠬᠡᠷᠡᠭᠵᠢᠭᠦᠯᠬᠦ ᠴᠢᠳᠠᠪᠤᠷᠢ ᠪᠠᠷ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠢ ᠪᠣᠯᠭᠠᠵᠤ᠂ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ ᠠᠭᠤᠯᠠᠨ ᠦᠶᠡᠷ ᠤᠨ ᠭᠤᠤ᠂ ᠠᠶᠤᠯ ᠲᠦᠭᠰᠢᠭᠦᠷᠢ ᠲᠠᠢ ᠤᠰᠤ ᠥᠩᠭᠡᠷᠡᠬᠦ ᠵᠠᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠦᠨᠡᠨ ᠪᠣᠳᠠᠲᠠᠢ ᠪᠦᠲᠦᠮᠵᠢᠲᠡᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠸᠠᠩ ᠬᠠᠢ ᠶᠢᠩ᠂ ᠴᠡᠩᠭᠡᠯᠳᠦ᠂ ᠴᠧᠨ ᠴᠢᠩ ᠬᠤᠸᠠ᠂ ᠮᠠᠨᠳᠤᠯ᠂ ᠹᠧᠩ ᠵᠢᠶᠠᠨ ᠵᠦᠩ᠂ ᠴᠧᠨ ᠰᠢᠦᠸᠡᠢ ᠵᠢᠶᠣᠤ᠂ ᠵᠢᠶᠠᠩ ᠪᠧᠢ ᠫᠢᠩ᠂ ᠸᠠᠩ ᠵᠢᠶᠠ ᠵᠢᠢ ᠨᠡᠷ ᠬᠤᠷᠠᠯ ᠳᠤ ᠣᠷᠣᠯᠴᠠᠵᠠᠢ᠃      
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号