ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠰᠠᠬᠢᠯᠭ᠎ᠠ ᠪᠠᠲᠤ ᠮᠢᠨᠦ ᠰᠡᠳᠬᠢᠯ ᠳᠤ ᠪᠤᠢ︾ ᠭᠡᠬᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠭᠤᠣᠯ ᠰᠡᠳᠦᠪᠲᠦ ᠦᠵᠡᠭᠳᠡᠯ ᠤᠨ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2024/7/18
    ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠰᠠᠶᠢᠲᠤᠷ ᠠᠳᠬᠤᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠰᠠᠬᠢᠯᠭ᠎ᠠ ᠪᠠᠲᠤ ᠮᠢᠨᠦ ᠰᠡᠳᠬᠢᠯ ᠳᠤ ᠪᠠᠶᠢᠨ᠎ᠠ︾ ᠭᠡᠬᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠭᠤᠣᠯ ᠰᠡᠳᠦᠪᠲᠦ ᠦᠵᠡᠭᠳᠡᠯ ᠤᠨ ᠨᠠᠮ ᠤᠨ ᠬᠢᠴᠢᠶᠡᠯ ᠢ ᠥᠷᠨᠢᠭᠦᠯᠪᠡ᠃    ᠦᠵᠡᠭᠳᠡᠯ ᠤᠨ ᠨᠠᠮ ᠤᠨ ᠬᠢᠴᠢᠶᠡᠯ ᠨᠢ ︽ᠢᠲᠡᠭᠡᠯ ᠪᠢᠰᠢᠷᠡᠯ︾᠂ ︽ᠰᠡᠷᠭᠡᠶᠢᠯᠡᠯᠲᠡ ᠶᠢᠨ ᠱᠤᠭᠤᠮ︾᠂ ︽ᠰᠡᠷᠡᠮᠵᠢ︾᠂ ︽ᠡᠷᠡᠯᠬᠡᠭᠯᠡᠨ ᠤᠷᠤᠭᠰᠢᠯᠠᠬᠤ︾ ᠵᠡᠷᠭᠡ 4 ᠣᠬᠤᠷ ᠵᠦᠴᠦᠭᠡ ᠪᠠᠷ ᠪᠦᠷᠢᠯᠳᠦᠵᠦ᠂ ᠲᠣᠭᠯᠠᠭᠴᠢᠳ ᠤᠨ ᠭᠦᠨ ᠵᠤᠵᠠᠭᠠᠨ ᠲᠣᠭᠯᠠᠯᠲᠠ ᠪᠠᠷ ᠳᠠᠮᠵᠢᠭᠤᠯᠤᠨ᠂ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ︾ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠵᠤ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠠᠭ ᠢᠮᠠᠭᠲᠠ ᠰᠡᠷᠭᠡᠭ ᠪᠠᠶᠢᠬᠤ ᠶᠢ ᠪᠠᠲᠤᠯᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠵᠢᠷᠤᠮᠯᠠᠵᠤ᠂ ᠲᠣᠭᠲᠠᠭᠠᠯ ᠰᠠᠬᠢᠯᠭ᠎ᠠ ᠪᠠᠲᠤ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠶᠤᠨ ᠰᠠᠨᠠᠭᠠᠨ ᠳᠤ ᠬᠠᠳᠠᠩᠰᠢᠭᠤᠯᠬᠤ ᠶᠢ ᠠᠬᠢᠭᠤᠯᠪᠠ᠃ ᠨᠠᠮ ᠤᠨ ᠬᠢᠴᠢᠶᠡᠯ ᠢ ᠦᠵᠡᠭᠰᠡᠨ ᠨᠠᠮ ᠤᠨ ᠭᠡᠰᠢᠭᠦᠨ ᠺᠠᠳ᠋ᠷ᠂ ᠨᠢᠭᠡ ᠤᠳᠠᠭᠠᠨ ᠤ ᠭᠦᠨ ᠭᠦᠨᠵᠡᠭᠡᠢ ᠰᠠᠬᠢᠯᠭ᠎ᠠ ᠪᠠᠲᠤ ᠶᠢᠨ ᠬᠥᠮᠦᠵᠢᠯ ᠬᠦᠷᠲᠡᠵᠦ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠠᠢ ᠭᠡᠵᠦ ᠢᠯᠡᠳᠬᠡᠵᠡᠭᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠰᠠᠷᠠᠭᠤᠯ᠄ ︽ᠥᠨᠥᠳᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠭᠤᠣᠯ ᠰᠡᠳᠦᠪᠲᠦ ᠦᠵᠡᠭᠳᠡᠯᠲᠦ ᠵᠦᠴᠦᠭᠡ ᠶᠢ ᠨᠠᠶᠢᠷᠠᠭᠤᠯᠤᠨ ᠵᠢᠭᠰᠠᠭᠠᠬᠤ᠂ ᠡᠰᠡᠬᠦᠯ᠎ᠡ ᠲᠠᠶᠢᠰᠠᠨ ᠳᠡᠭᠡᠷ᠎ᠡ ᠳᠡᠯᠭᠡᠨ ᠦᠵᠡᠭᠦᠯᠦᠭᠰᠡᠨ ᠨᠢ ᠴᠥᠮ ᠮᠠᠰᠢ ᠭᠤᠶᠢᠳᠠ ᠰᠠᠶᠢᠬᠠᠨ᠂ ᠰᠣᠨᠢᠷᠬᠠᠬᠤ ᠪᠠᠷ ᠳᠠᠮᠵᠢᠨ᠂ ᠪᠢ ᠮᠠᠰᠢ ᠬᠥᠮᠦᠵᠢᠯ ᠬᠦᠷᠲᠡᠵᠦ᠂ ᠮᠠᠰᠢ ᠰᠡᠳᠬᠢᠯ ᠳᠣᠭᠳᠣᠯᠵᠤ ᠪᠠᠶᠢᠨ᠎ᠠ᠃ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠢ ᠬᠤᠶᠢᠰᠢᠳᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠵᠦ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠳᠤᠮᠳᠠᠬᠢ ᠠᠷᠢᠭᠤᠨ ᠴᠢᠬᠡᠴᠢ ᠶᠢᠨ ᠡᠯᠧᠮᠧᠨ᠋ᠲ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠢ ᠶᠢ ᠴᠥᠬᠦᠷᠡᠰᠢ ᠦᠭᠡᠢ ᠴᠡᠪᠡᠷᠰᠢᠭᠦᠯᠬᠦ ᠶᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠲᠣᠭᠯᠠᠯᠲᠠ ᠨᠢ ᠨᠡᠶᠢᠲᠡ 6 ᠲᠠᠯᠠᠪᠤᠷ ᠪᠠᠶᠢᠵᠤ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ 2000 ᠭᠠᠷᠤᠢ ᠬᠥᠮᠦᠨ ᠣᠷᠣᠯᠴᠠᠵᠠᠢ᠃ ᠲᠤᠰ ᠤᠳᠠᠭᠠᠨ ᠤ ᠲᠣᠭᠯᠠᠯᠲᠠ ᠪᠠᠷ ᠳᠠᠮᠵᠢᠭᠤᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ᠂ ᠤᠯᠤᠰ ᠢᠶᠠᠨ ᠬᠦᠴᠦᠷᠬᠡᠭᠵᠢᠭᠦᠯᠵᠦ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠪᠠ᠃    ︽ᠪᠢᠳᠡ ︽ᠰᠠᠬᠢᠯᠭ᠎ᠠ ᠪᠠᠲᠤ ᠮᠢᠨᠦ ᠰᠡᠳᠬᠢᠯ ᠳᠤ︾ ᠭᠡᠬᠦ ᠪᠦᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠵᠣᠷᠢᠯᠭ᠎ᠠ ᠨᠢ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠬᠡᠯᠪᠡᠷᠢ ᠶᠢ ᠰᠢᠨᠡᠴᠢᠯᠡᠬᠦ ᠶᠢᠨ ᠲᠥᠯᠥᠭᠡ ᠶᠤᠮ᠃ ᠦᠵᠡᠭᠳᠡᠯᠲᠦ ᠵᠦᠴᠦᠭᠡ ᠭᠡᠬᠦ ᠡᠨᠡ ᠬᠦ ᠤᠷᠠᠯᠢᠭ ᠤᠨ ᠢᠯᠡᠷᠡᠬᠦ ᠬᠡᠯᠪᠡᠷᠢ ᠪᠠᠷ ᠳᠠᠮᠵᠢᠭᠤᠯᠤᠨ᠂ ︿ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ﹀ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠪᠠᠲᠤ ᠰᠠᠬᠢᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠲᠡᠭᠰᠢ ᠬᠡᠯᠡᠵᠡᠢ᠃    ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠮᠠᠨᠳᠤᠯ᠎ᠠ᠂ ᠵᠢᠶᠠᠩ ᠪᠧᠢ ᠫᠢᠩ᠂ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠬᠤᠢ ᠪᠠᠶᠢᠳᠠᠯ ᠤᠨ ᠨᠠᠮ ᠤᠨ ᠬᠢᠴᠢᠶᠡᠯ ᠢ ᠰᠣᠨᠢᠷᠬᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号