ᠬᠤᠷᠴᠢᠨ ᠤ ᠡᠯᠡᠰᠦ ᠶᠢ ᠬᠤᠷᠢᠭᠯᠠᠨ ᠵᠠᠰᠠᠭᠰᠠᠨ ᠬᠤᠰᠢᠭᠤᠴᠢ
ᠨᠡᠶᠢᠲᠡᠯᠡᠭᠰᠡᠨ ᠴᠠᠭ᠄
2024/7/19
   G111 ᠤᠯᠤᠰ ᠤᠨ ᠵᠠᠮ ᠢᠶᠠᠷ ᠠᠶᠠᠯᠠᠭᠠᠳ ᠬᠢᠩᠭᠠᠨ ᠠᠶᠢᠮᠠᠭ ᠤᠨ ︽ᠡᠮᠦᠨ᠎ᠡ ᠶᠡᠭᠡ ᠡᠭᠦᠳᠡ︾ ᠵᠦᠭ ᠠᠶᠠᠯᠠᠵᠤ᠂ ᠨᠣᠭᠤᠭᠠᠨ ᠥᠩᠭᠡ ᠪᠠᠷ ᠬᠤᠴᠢᠭᠳᠠᠭᠰᠠᠨ ᠡᠯᠡᠰᠦᠨ ᠳᠣᠪᠣᠴᠠᠭ ᠨᠢᠳᠦᠨ ᠡᠮᠦᠨ᠎ᠡ ᠨᠢᠳᠦ ᠭᠢᠯᠠᠰᠤᠮ᠎ᠠ ᠁ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠡᠵᠠᠮ ᠰᠤᠮᠤ ᠶᠢᠨ ᠵᠠᠰᠠᠯᠲᠠ ᠶᠢᠨ ᠣᠷᠣᠨ ᠤ 111 ᠲᠦᠮᠡᠨ ᠰᠠᠭᠤᠷᠢ ᠰᠢᠨ᠎ᠡ ᠪᠠᠷ ᠵᠠᠶᠢᠯᠠᠭᠰᠠᠨ ᠬᠠᠷᠭᠠᠨ᠎ᠠ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠶᠠᠮᠤᠨᠮᠤᠳᠤ ᠭᠠᠴᠠᠭᠠᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠤ 88 ᠲᠦᠮᠡ ᠭᠠᠷᠤᠢ ᠰᠠᠭᠤᠷᠢ ᠰᠢᠨ᠎ᠡ ᠪᠠᠷ ᠵᠠᠶᠢᠯᠠᠭᠰᠠᠨ ᠬᠠᠷᠭᠠᠨ᠎ᠠ᠂ ᠵᠢᠭᠠᠷᠲᠤ ᠨᠠᠷᠠᠰᠤ ᠡᠭᠴᠡᠯᠡᠭᠰᠡᠨ ᠡᠯᠡᠰᠦᠨ ᠬᠥᠲᠥᠯ ᠳᠡᠭᠡᠷ᠎ᠡ ᠨᠣᠭᠤᠭᠠᠨ ᠰᠠᠨᠠᠭ᠎ᠠ ᠳᠣᠭᠳᠣᠯᠵᠤ᠂ ᠡᠳᠡᠭᠡᠷ ᠨᠢ ᠪᠦᠷ ᠥᠪᠥᠷ ᠮᠣᠩᠭᠤᠯ ᠤᠨ ᠰᠧᠨ ᠹᠠ ᠣᠢ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠ ᠬᠠᠩᠭᠢᠨᠠᠮ᠎ᠠ ᠰᠠᠶᠢᠬᠠᠨ ᠠᠶᠠᠯᠭᠤ ᠶᠢ ᠭᠡᠷᠡᠴᠢᠯᠡᠪᠡ᠃    ︽ᠡᠨᠡ ᠵᠢᠯ ᠪᠢᠳᠡ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ 378 ᠭᠠᠵᠠᠷ ᠢ ᠳᠠᠭᠠᠭᠠᠴᠢᠯᠠᠨ ᠠᠪᠴᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 12 ᠰᠤᠮᠤ ᠰᠢᠶᠠᠩ ᠪᠠᠯᠭᠠᠰᠤ ᠶᠢ ᠬᠠᠮᠤᠷᠪᠠ᠃ ᠪᠢᠳᠡ 4 ᠲᠥᠷᠥᠯ ᠵᠦᠢᠯ ᠤᠨ ᠬᠡᠯᠲᠡᠰ᠂ 10 ᠪᠠᠷᠢᠯᠭ᠎ᠠ ᠶᠢᠨ ᠠᠩᠭᠢ ᠬᠤᠪᠢᠶᠠᠵᠤ᠂ ᠣᠳᠣᠬᠠᠨ ᠳᠤ 3.1 ᠲᠦᠮᠡᠨ ᠮᠦ ᠡᠯᠡᠰᠦ ᠶᠢ ᠵᠠᠰᠠᠬᠤ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠪᠡ︾ ᠬᠡᠵᠤ ᠥᠪᠥᠷ ᠮᠣᠩᠭᠤᠯ ᠤᠨ ᠰᠧᠨ ᠹᠠ ᠣᠢ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠵᠦᠨ ᠴᠤᠨ ᠰᠤᠷᠪᠤᠯᠵᠢᠯᠠᠭᠴᠢ ᠳᠤ ᠬᠡᠯᠡᠪᠡ᠃    2023 ᠣᠨ ᠤ 6 ᠰᠠᠷ᠎ᠠ ᠳᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠥᠪᠥᠷ ᠮᠣᠩᠭᠤᠯ ᠳᠤ ᠬᠤᠷᠠᠯᠳᠤᠵᠤ᠂ ᠬᠤᠷᠠᠯ ᠳᠡᠭᠡᠷ᠎ᠡ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠤᠷᠢᠶᠠᠯᠠᠭ᠎ᠠ ᠭᠠᠷᠭᠠᠵᠤ᠂ ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃    ᠥᠪᠥᠷ ᠮᠣᠩᠭᠤᠯ ᠤᠨ ᠣᠢ ᠰᠢᠭᠤᠢ ᠶᠢᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠨᠢ ︽ᠤᠯᠤᠰ ᠤᠨ ᠲᠣᠮᠣ ᠬᠥᠮᠦᠰ︾ ᠢ ᠪᠠᠲᠤ ᠴᠡᠭᠡᠵᠢᠯᠡᠵᠦ᠂ ᠬᠠᠮ ᠪᠠᠶᠢᠯᠳᠤᠭᠠᠨ ᠤ ᠴᠤᠭ ᠰᠦᠯᠳᠡ ᠪᠠ ᠬᠡᠪ ᠤᠨ ᠪᠠᠶᠢᠳᠠᠯ ᠠᠴᠠ ᠬᠡᠲᠦᠷᠡᠭᠰᠡᠨ ᠡᠷᠴᠢᠮ ᠢ ᠭᠠᠷᠭᠠᠨ᠂ ᠲᠤᠬᠠᠢ ᠶᠢᠨ ᠭᠠᠵᠠᠷ ᠤᠨ ᠠᠶᠢᠯ ᠲᠣᠰᠬᠤᠨ ᠤ ᠲᠠᠷᠢᠶᠠᠴᠢᠨ ᠬᠦᠴᠦ ᠶᠠᠪᠤᠭᠰᠠᠳ ᠢ ᠡᠩ ᠲᠡᠷᠢᠭᠦᠨ ᠳᠤ ᠤᠷᠢᠨ ᠬᠡᠷᠡᠭᠯᠡᠬᠦ᠂ ᠲᠤᠬᠠᠢ ᠶᠢᠨ ᠭᠠᠵᠠᠷ ᠤᠨ ᠴᠢᠬᠢ ᠮᠣᠳᠣ ᠪᠤᠶᠢᠵᠢᠭᠤᠯᠬᠤ ᠡᠷᠦᠬᠡ ᠶᠢᠨ ᠴᠢᠨᠠᠷ ᠰᠠᠶᠢᠲᠠᠢ ᠴᠢᠬᠢ ᠮᠣᠳᠣ ᠶᠢ ᠡᠩ ᠲᠡᠷᠢᠭᠦᠨ ᠳᠤ ᠬᠤᠳᠠᠯᠳᠤᠨ ᠠᠪᠬᠤ ︽ᠭᠤᠷᠪᠠ ᠶᠢ ᠡᠩ ᠲᠡᠷᠢᠭᠦᠨ ᠳᠤ ᠪᠠᠶᠢᠯᠭᠠᠬᠤ︾ ᠵᠠᠷᠴᠢᠮ ᠶᠣᠰᠣᠭᠠᠷ᠂ ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠥᠯᠥᠪᠦᠷᠢ ᠲᠠᠢ ᠬᠥᠳᠡᠯᠮᠦᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠲᠠᠷᠢᠶᠠᠴᠢᠨ ᠮᠠᠯᠴᠢᠳ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠠᠮᠢ ᠠᠬᠤᠢ ᠶᠢ ᠰᠡᠷᠭᠦᠭᠡᠬᠦ ᠪᠠ ᠠᠷᠠᠳ ᠢᠷᠭᠡᠳ ᠢ ᠪᠠᠶᠠᠵᠢᠭᠤᠯᠬᠤ ᠶᠢ ᠵᠡᠷᠭᠡᠪᠡᠷ ᠬᠥᠭᠵᠢᠭᠦᠯᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠢ᠃    ᠨᠢᠭᠡ ᠰᠠᠷ᠎ᠠ ᠶᠢᠨ ᠡᠮᠦᠨ᠎ᠡ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠳᠤᠮᠳᠠ ᠬᠤᠶᠢᠲᠤ ᠬᠡᠰᠡᠭ ᠤᠨ ᠭᠦᠢᠬᠡᠨ ᠠᠭᠤᠯᠠ ᠳᠣᠪᠤ ᠭᠠᠵᠠᠷ ᠣᠷᠣᠨ ᠳᠤ ᠪᠠᠶᠢᠭ᠎ᠠ ᠳ᠋᠊ ᠥᠷ ᠶᠢ ᠪᠠᠯᠭᠠᠰᠤᠨ ᠤ ᠶᠠ ᠮᠧᠨ ᠮᠣᠳᠣ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠣᠷᠣᠨ ᠳᠤ ᠬᠦᠷᠴᠦ᠂ ᠰᠧᠨ ᠹᠠ ᠪᠦᠯᠦᠭᠯᠡᠯ ᠤᠨ ᠲᠤᠰᠭᠠᠢ ᠣᠢ ᠵᠢᠭᠤᠯᠤᠯᠲᠠ ᠶᠢᠨ ᠪᠦᠯᠬᠦᠮ ᠪᠣᠯᠤᠨ 70 ᠭᠠᠷᠤᠢ ᠮᠠᠯᠴᠢᠨ ᠲᠠᠷᠢᠶᠠᠴᠢᠨ ᠡᠭᠴᠡ ᠡᠯᠡᠰᠦᠨ ᠬᠥᠲᠥᠯ ᠳᠡᠭᠡᠷ᠎ᠡ ᠭᠠᠵᠠᠷ ᠮᠠᠯᠲᠠᠵᠤ᠂ ᠨᠦᠬᠡ ᠮᠠᠯᠲᠠᠵᠤ᠂ ᠴᠢᠬᠢ ᠮᠣᠳᠣ ᠵᠥᠭᠡᠭᠡᠪᠦᠷᠢᠯᠡᠵᠦ᠂ ᠡᠯᠡᠰᠦᠨ ᠬᠠᠯᠬᠠᠪᠴᠢ ᠭᠠᠷᠭᠠᠵᠤ᠂ ᠲᠠᠩᠭᠠᠷᠢᠭ ᠬᠢᠵᠦ᠂ ᠰᠢᠷ᠎ᠠ ᠡᠯᠡᠰᠦ ᠲᠠᠢ ᠡᠷᠡᠰ ᠰᠢᠭᠤᠷᠬᠠᠢ ᠪᠣᠯᠵᠠᠢ᠃          ︽ᠳᠥᠷᠥᠯᠵᠢ ᠪᠠᠯᠭᠠᠰᠤᠨ ᠤ ᠶᠠᠮᠤᠨᠮᠣᠳᠣ ᠭᠠᠴᠠᠭᠠᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠤ ᠠᠭᠤᠯᠠᠨ ᠨᠠᠯᠠᠤᠴᠠ ᠨᠢ ᠳᠤᠮᠳᠠᠴᠢ ᠪᠠᠷ 45 ᠭᠷᠠᠳᠦ᠋ᠰ ᠠᠴᠠ ᠳᠡᠭᠡᠭᠰᠢ ᠪᠠᠶᠢᠵᠤ᠂ ᠵᠠᠷᠢᠮ ᠨᠠᠯᠠᠤᠴᠠ ᠨᠢ ᠴᠢᠨᠠᠭᠰᠢᠯᠠᠪᠠᠯ 70 ᠭᠷᠠᠳᠦ᠋ᠰ ᠲᠤ ᠬᠦᠷᠴᠦ᠂ ᠡᠯᠡᠰᠦᠨ ᠬᠠᠯᠬᠠᠪᠴᠢ ᠪᠠᠶᠢᠷᠢᠯᠠᠭᠤᠯᠵᠤ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠵᠥᠪᠬᠡᠨ ᠬᠥᠮᠦᠨ ᠤ ᠬᠦᠴᠦ ᠪᠠᠷ ᠳᠠᠭᠤᠰᠬᠠᠵᠤ᠂ ᠡᠭᠴᠡ ᠬᠥᠲᠥᠯ ᠤᠨ ᠤᠰᠤᠯᠠᠯᠲᠠ ᠶᠢ 5 ᠤᠳᠠᠭ᠎ᠠ ᠬᠤᠪᠢᠶᠠᠨ ᠤᠰᠤ ᠬᠠᠳᠠᠭᠠᠯᠠᠨ ᠰᠠᠶ᠋ᠢ ᠪᠡᠶᠡᠯᠡᠭᠦᠯᠵᠦ ᠴᠢᠳᠠᠨ᠎ᠠ︾᠃ ᠨᠣᠭᠤᠭᠠᠷᠠᠭᠤᠯᠵᠤ ᠣᠶᠢᠵᠢᠭᠤᠯᠬᠤ ᠢᠨᠵᠧᠨᠧᠷᠢᠩ ᠢ ᠡᠷᠬᠢᠯᠡᠭᠰᠡᠨ ᠤ 17 ᠵᠢᠯ ᠤᠨ ᠰᠧᠨ ᠹᠠ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠸᠠᠩ ᠶᠢᠨ ᠦ᠋ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠬᠥᠪᠡᠭᠡ ᠶᠢᠨ ᠪᠦᠰᠡ ᠳᠤ ᠪᠠᠶᠢᠷᠢᠯᠠᠵᠤ᠂ ᠡᠯᠡᠰᠦᠷᠬᠡᠭ ᠭᠠᠵᠠᠷ ᠪᠣᠯᠤᠨ ᠬᠤᠵᠢᠷᠯᠢᠭ ᠭᠠᠵᠠᠷ ᠬᠠᠮᠲᠤ ᠠᠮᠢᠳᠤᠷᠠᠵᠤ᠂ ᠵᠠᠰᠠᠯᠲᠠ ᠶᠢᠨ ᠬᠦᠴᠢᠷᠳᠡᠯ ᠢᠶᠠᠷ ᠶᠡᠭᠡ᠂ ᠮᠡᠷᠭᠡᠵᠢᠯ ᠤᠨ ᠱᠠᠭᠠᠷᠳᠠᠯᠭ᠎ᠠ ᠪᠠᠷ ᠥᠨᠳᠥᠷ᠂ ᠳᠠᠬᠢᠨ ᠳᠠᠪᠲᠠᠬᠤ ᠴᠢᠨᠠᠷ ᠢᠶᠠᠷ ᠴᠢᠩᠭ᠎ᠠ᠂ ᠲᠣᠯᠢᠯᠠᠵᠤ ᠪᠣᠯᠬᠤ ᠤᠷᠢᠳᠠᠪᠠᠷ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠦᠭᠡᠢ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠶᠢᠨ ᠨᠢᠭᠡᠨ ︽ᠪᠡᠷᠬᠡ ᠶᠠᠰᠤ︾ ᠪᠣᠯᠤᠨ᠎ᠠ ᠭᠡᠵᠡᠢ᠃    ᠡᠨᠡ ᠵᠢᠯ ᠤᠨ 3 ᠰᠠᠷ᠎ᠠ ᠳᠤ᠂ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠪᠦᠬᠦ ᠲᠠᠯ᠎ᠠ ᠪᠠᠷ ᠠᠵᠢᠯ ᠡᠬᠢᠯᠡᠭᠰᠡᠨ ᠠᠴᠠ ᠨᠠᠰᠢ᠂ ᠥᠪᠥᠷ ᠮᠣᠩᠭᠤᠯ ᠤᠨ ᠰᠧᠨ ᠹᠠ ᠣᠢ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠮᠡᠷᠭᠡᠵᠢᠯ ᠤᠨ ᠪᠦᠰᠡᠯᠡᠯᠲᠡ ᠶᠢᠨ ᠴᠢᠬᠤᠯᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠸᠠᠩ ᠶᠢᠨ ᠡᠤ ᠪᠠᠷ ᠲᠥᠯᠥᠭᠡᠯᠡᠭᠦᠯᠦᠭᠰᠡᠨ ᠲᠥᠷᠥᠯ ᠵᠦᠢᠯ ᠤᠨ ᠪᠦᠯᠬᠦᠮ ᠲᠣᠮᠢᠯᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠶᠡᠭᠡ ᠵᠠᠰᠠᠯᠲᠠ ᠶᠢᠨ ᠣᠷᠣᠨ ᠳᠤ ᠭᠦᠨᠵᠡᠭᠡᠶᠢᠷᠡᠭᠦᠯᠵᠦ᠂ ᠪᠤᠲᠠ ᠮᠣᠳᠣ ᠪᠠᠷ ᠡᠯᠡᠰᠦ ᠶᠢ ᠲᠣᠭᠲᠠᠪᠤᠷᠢᠵᠢᠭᠤᠯᠬᠤ᠂ ᠬᠠᠶᠢᠯᠠᠷ ᠨᠠᠷᠠᠰᠤ ᠪᠠᠷ ᠡᠯᠡᠰᠦ ᠶᠢ ᠣᠶᠢᠵᠢᠭᠤᠯᠬᠤ᠂ ᠲᠠᠷᠢᠶᠠᠨ ᠭᠠᠵᠠᠷ ᠤᠨ ᠬᠠᠯᠬᠠᠪᠴᠢ ᠣᠢ᠂ ᠮᠠᠯᠵᠢᠯ ᠤᠨ ᠲᠠᠯᠠᠪᠠᠢ ᠶᠢᠨ ᠬᠠᠯᠬᠠᠪᠴᠢ ᠣᠢ᠂ ᠬᠤᠯᠢᠮᠠᠭ ᠣᠢ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠣᠢ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠣᠢ ᠶᠢᠨ ᠪᠠᠶᠢᠭᠤᠯᠤᠯᠲᠠ᠂ ᠣᠢ ᠰᠢᠭᠤᠢ ᠶᠢᠨ ᠬᠠᠮᠠᠭᠠᠯᠠᠯᠲᠠ ᠵᠡᠷᠭᠡ ᠣᠶᠢᠵᠢᠭᠤᠯᠤᠯᠲᠠ ᠶᠢᠨ ᠡᠯᠡᠰᠦ ᠶᠢ ᠵᠠᠰᠠᠬᠤ ᠠᠵᠢᠯ ᠢ ᠵᠠᠯᠭᠠᠭ᠎ᠠ ᠪᠠᠷ ᠥᠷᠨᠢᠭᠦᠯᠪᠡ᠃ ︽ᠪᠤᠲᠠᠯᠢᠭ ᠮᠣᠳᠣ ᠪᠠᠷ ᠡᠯᠡᠰᠦ ᠶᠢ ᠲᠣᠭᠲᠠᠪᠤᠷᠢᠵᠢᠭᠤᠯᠬᠤ ᠪᠠᠷ ᠭᠤᠣᠯ ᠪᠣᠯᠭᠠᠵᠤ᠂ ᠬᠥᠮᠦᠨ ᠤ ᠬᠦᠴᠦ ᠪᠠᠷ ᠡᠯᠡᠰᠦ ᠶᠢ ᠬᠠᠰᠢᠬᠤ ᠪᠠᠷ ᠬᠠᠪᠰᠤᠷᠤᠮᠵᠢ ᠪᠣᠯᠭᠠᠵᠤ᠂ ᠭᠦᠨ ᠨᠦᠬᠡ ᠪᠠᠷ ᠭᠦᠢᠬᠡᠨ ᠲᠠᠷᠢᠵᠤ᠂ ᠪᠦᠯᠦᠭ ᠬᠤᠪᠢᠶᠠᠨ ᠵᠠᠰᠠᠬᠤ᠂ ᠵᠢᠯᠣᠭᠤᠴᠢ ᠦᠭᠡᠢ ᠨᠢᠰᠬᠡᠯ ᠢᠶᠠᠷ ᠲᠡᠭᠡᠭᠡᠪᠦᠷᠢᠯᠡᠬᠦ᠂ ᠱᠠᠲᠤᠯᠢᠭ ᠬᠡᠯᠪᠡᠷᠢ ᠪᠠᠷ ᠤᠰᠤ ᠬᠠᠳᠠᠭᠠᠯᠠᠵᠤ ᠤᠰᠤ ᠬᠦᠷᠭᠡᠬᠦ᠂ ᠵᠢᠭᠠᠷᠲᠤ ᠨᠠᠷᠠᠰᠤ ᠶᠢ ᠰᠣᠯᠪᠢᠴᠠᠭᠤᠯᠤᠨ ᠵᠠᠰᠠᠬᠤ︾ ᠨᠢᠭᠡᠨ ᠢᠵᠢ ᠡᠯᠡᠰᠦ ᠶᠢ ᠵᠠᠰᠠᠬᠤ ᠠᠷᠭ᠎ᠠ ᠶᠢ ᠳ᠋ᠦᠩᠨᠡᠵᠦ᠂ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠤ ᠲᠣᠯᠢᠯᠠᠵᠤ ᠪᠣᠯᠬᠤ ᠤᠷᠢᠳᠠᠪᠠᠷ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠ ᠲᠤᠷᠰᠢᠯᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号