ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
    ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠲᠤ ᠬᠤᠷᠠᠯᠳᠤᠪᠠ᠃    ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ᠂ ᠭᠠᠯ ᠤᠨᠲᠠᠷᠠᠭᠠᠬᠤ ᠬᠥᠭᠡᠷᠭᠡ ᠶᠢᠨ ᠥᠷᠥᠭᠡ ᠵᠡᠷᠭᠡ ᠭᠠᠯ ᠤᠨᠲᠠᠷᠠᠭᠠᠬᠤ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠨᠠᠷᠢᠨ ᠣᠶᠢᠯᠠᠭᠠᠪᠠ᠃    ᠳᠠᠷᠠᠭ᠎ᠠ ᠨᠢ᠂ ᠲᠠᠷᠬᠠᠭᠠᠨ ᠦᠵᠡᠭᠦᠯᠦᠯᠭᠡ ᠶᠢᠨ ᠲᠣᠭᠤᠷᠢᠭ ᠪᠠ ᠭᠠᠯ ᠤᠨᠲᠠᠷᠠᠭᠠᠬᠤ ᠦᠵᠡᠭᠦᠯᠦᠯᠭᠡ ᠶᠢᠨ ᠲᠣᠭᠤᠷᠢᠭ ᠤᠨ ᠲᠤᠬᠠᠢ ᠶᠢᠨ ᠲᠠᠯᠠᠪᠠᠢ ᠳᠤ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠭᠠᠯ ᠤᠨᠲᠠᠷᠠᠭᠠᠬᠤ ᠰᠣᠷᠢᠯᠲᠠ ᠶᠢ ᠲᠣᠭᠤᠷᠢᠨ ᠦᠵᠡᠪᠡ᠃ ᠰᠣᠷᠢᠯᠲᠠ ᠨᠢ ᠭᠠᠯ ᠤᠨ ᠪᠠᠶᠢᠳᠠᠯ ᠢ ᠢᠯᠡᠷᠡᠭᠦᠯᠦᠭᠰᠡᠨ ᠤ ᠳᠠᠷᠠᠭ᠎ᠠ᠂ ᠵᠢᠯᠣᠭᠤᠳᠬᠤ ᠳᠤᠭᠤᠶᠢᠯᠠᠩ ᠭᠠᠯ ᠤᠨᠲᠠᠷᠠᠭᠠᠬᠤ ᠵᠢᠴᠢ ᠬᠥᠮᠦᠰ ᠤᠨ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠰᠤᠪᠢᠯᠠᠭᠴᠢ ᠵᠢᠴᠢ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠠᠩᠬ᠎ᠠ ᠡᠭᠦᠰᠦᠭᠰᠡᠨ ᠭᠠᠯ ᠤᠨ ᠠᠶᠤᠯ ᠢ ᠤᠨᠲᠠᠷᠠᠭᠠᠨ ᠳᠠᠷᠤᠬᠤ ᠪᠠ ᠬᠥᠮᠦᠰ ᠲᠤ ᠪᠠᠴᠢᠮ ᠲᠠᠷᠬᠠᠭᠠᠨ ᠥᠭᠴᠦ᠂ ᠡᠮᠴᠢ ᠰᠤᠪᠢᠯᠠᠭᠴᠢᠳ ᠭᠠᠯ ᠭᠠᠷᠤᠭᠰᠠᠨ ᠰᠢᠷᠬᠠᠲᠠᠨ ᠳᠤ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠲᠡᠢ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠰᠡᠳᠬᠢᠯ ᠰᠠᠨᠠᠭ᠎ᠠ ᠪᠠᠨ ᠣᠯᠣᠯᠴᠠᠪᠠ᠃    ︽ᠲᠤᠰ ᠤᠳᠠᠭᠠᠨ ᠤ ᠲᠤᠬᠠᠢ ᠶᠢᠨ ᠲᠠᠯᠠᠪᠤᠷ ᠤᠨ ᠬᠤᠷᠠᠯ ᠪᠣᠯ ᠪᠢᠳᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠂ ᠡᠩ ᠤᠨ ᠦᠶ᠎ᠡ ᠳᠤ ᠪᠢᠳᠡ ᠪᠠᠰᠠ ᠬᠥᠮᠦᠰ ᠢ ᠵᠣᠬᠢᠶᠠᠨ ᠪᠠᠶᠢᠭᠤᠯᠤᠨ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠲᠤᠰ ᠪᠡᠶ᠎ᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠭᠠᠯ ᠤᠨ ᠠᠶᠤᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠨᠠᠰᠤᠵᠢᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠳᠡᠳ᠋ ᠳᠠᠷᠤᠭ᠎ᠠ ᠯᠢᠦ ᠵᠢᠶᠠᠨ ᠫᠢᠩ ᠬᠡᠯᠡᠪᠡ᠃    ᠣᠶᠢᠷ᠎ᠠ ᠶᠢᠨ ᠵᠢᠯ ᠠᠴᠠ ᠨᠠᠰᠢ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠪᠠᠳᠠᠷᠠᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠭᠠᠯ ᠤᠨᠲᠠᠷᠠᠭᠠᠬᠤ ᠤᠬᠠᠭᠤᠯᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃    ︽ᠳᠠᠷᠠᠭᠠᠴᠢ ᠶᠢᠨ ᠠᠯᠬᠤᠮ ᠳᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠤᠰ ᠤᠳᠠᠭᠠᠨ ᠤ ᠲᠤᠬᠠᠢ ᠶᠢᠨ ᠲᠠᠯᠠᠪᠤᠷ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠠᠯ ᠤᠨᠲᠠᠷᠠᠭᠠᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠠᠳᠬᠤᠵᠤ᠂ ᠭᠠᠯ ᠤᠨ ᠠᠶᠤᠯ ᠤᠨ ᠳᠠᠯᠳᠠ ᠭᠡᠮ ᠢ ᠨᠠᠷᠢᠯᠢᠭ ᠣᠨᠣᠪᠴᠢᠲᠠᠢ ᠵᠠᠰᠠᠵᠤ᠂ ᠭᠠᠯ ᠤᠨᠲᠠᠷᠠᠭᠠᠬᠤ ᠤᠬᠠᠭᠤᠯᠭ᠎ᠠ ᠶᠢ ᠭᠠᠯ ᠰᠡᠷᠭᠡᠶᠢᠯᠡᠬᠦ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠪᠠ ᠭᠠᠯ ᠤᠨ ᠠᠶᠤᠯ ᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︾ ᠬᠡᠵᠤ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠪᠠᠢ ᠴᠢᠤᠸᠠᠨ ᠹᠦ᠋ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号