ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/21
   ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠰᠠᠷ᠎ᠠ ᠶᠢᠨ 19 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠲᠡᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠳᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠵᠢᠭᠠᠬᠤ ᠳᠤ ᠪᠠᠨ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠴᠢᠷᠦᠭᠴᠢ ᠴᠢᠨᠠᠷ ᠢᠶᠠᠷ ᠴᠢᠩᠭ᠎ᠠ ᠪᠠᠶᠢᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠨᠢ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠶᠤᠮ᠃ ᠬᠤᠷᠠᠯ ᠠᠴᠠ ᠲᠣᠭᠲᠠᠭᠠᠭᠰᠠᠨ ᠨᠢ᠂ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠦᠩᠭᠦ ᠶᠢ ᠨᠢᠭᠡᠳᠦᠯᠲᠡᠢ ᠳᠦᠯᠣᠪᠯᠠᠨ ᠲᠣᠬᠢᠷᠠᠭᠤᠯᠵᠤ᠂ ᠶᠡᠭᠡ ᠬᠡᠪᠴᠢᠶᠡᠨ ᠤ ᠳᠣᠨᠤᠭ ᠳᠦᠭᠦᠭᠡᠷᠣᠮᠵᠢ ᠶᠢ ᠰᠢᠨᠡᠳᠬᠡᠬᠦ ᠪᠠ ᠬᠡᠷᠠᠬᠯᠠᠭᠠ ᠤ ᠵᠦᠢᠯ ᠢ ᠬᠠᠭᠤᠴᠢᠨ ᠰᠢᠨ᠎ᠡ ᠶᠢ ᠰᠣᠯᠢᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠠᠭᠲᠠᠢ᠃ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠳᠡᠮᠵᠢᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠳᠡᠮᠵᠢᠬᠦ ᠬᠦᠷᠢᠶ᠎ᠡ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠨ ᠴᠠᠬᠢᠯᠭᠠᠨ ᠱᠠᠲᠤ ᠵᠡᠷᠭᠡ ᠬᠦᠷᠢᠶ᠎ᠡ ᠴᠠᠷᠠᠭ᠎ᠠ ᠶᠢᠨ ᠲᠥᠬᠦᠭᠡᠷᠦᠮᠵᠢ ᠶᠢ ᠰᠢᠨᠡᠳᠬᠡᠬᠦ ᠵᠢᠴᠢ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠠᠮᠤᠷ ᠲᠦᠪᠰᠢᠨ ᠤ ᠥᠭᠡᠷᠡᠴᠢᠯᠡᠯᠲᠡ ᠬᠢᠬᠦ ᠪᠣᠯᠲᠠᠯ᠎ᠠ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠎ᠡ᠃ ᠲᠡᠭᠡᠭᠡᠪᠦᠷᠢ ᠶᠢᠨ ᠬᠠᠭᠤᠴᠢᠷᠠᠭᠰᠠᠨ ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠲᠡᠷᠭᠡ ᠶᠢᠨ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠳᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠡᠷᠭᠡ ᠶᠢᠨ ᠰᠢᠨᠡᠳᠬᠡᠬᠦ ᠳᠤ ᠨᠥᠬᠦᠪᠥᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠬᠦᠭᠡᠷᠦᠮᠵᠢ ᠪᠠᠨ ᠰᠢᠨᠡᠳᠬᠡᠬᠦ ᠳᠤ ᠡᠳ᠋ ᠤᠨ ᠵᠠᠰᠠᠭ ᠤᠨ ᠳᠠᠮ ᠬᠦᠦ ᠥᠭᠬᠦ ᠬᠠᠷᠢᠴᠠᠯ ᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠬᠢᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠵᠦ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠡᠷᠴᠢᠮ ᠢᠶᠠᠨ ᠨᠡᠮᠡᠭᠳᠡᠭᠦᠯᠵᠦ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠪᠡᠯᠡ ᠮᠥᠩᠭᠦ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠵᠤ᠂ ᠠᠳᠠᠯᠢ ᠪᠤᠰᠤ ᠥᠮᠴᠢᠯᠡᠯ ᠤᠨ ᠳᠦᠷᠢᠮ᠂ ᠠᠳᠠᠯᠢ ᠪᠤᠰᠤ ᠳᠠᠩᠰᠠᠯᠠᠭᠤᠯᠤᠭᠰᠠᠨ ᠭᠠᠵᠠᠷ ᠤᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠶᠢ ᠨᠢᠭᠡ ᠯᠡ ᠠᠳᠠᠯᠢ ᠪᠠᠷ ᠳᠡᠮᠵᠢᠵᠦ᠂ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃    ᠬᠤᠷᠠᠯ ᠠᠴᠠ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠪᠦᠲᠦᠴᠡ᠂ ᠬᠡᠷᠡᠭᠴᠡᠭᠡ ᠱᠠᠭᠠᠷᠳᠠᠯᠭ᠎ᠠ ᠵᠡᠷᠭᠡ ᠬᠤᠪᠢᠷᠠᠯᠲᠠ ᠳᠤ ᠵᠣᠬᠢᠴᠠᠭᠤᠯᠤᠨ᠂ ᠲᠥᠪᠬᠢᠨᠡᠭᠦᠯᠬᠦ ᠠᠵᠢᠯ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠲᠥᠪᠬᠢᠨᠡᠭᠦᠯᠬᠦ ᠠᠵᠢᠯ ᠤᠨ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠲᠥᠪᠬᠢᠨᠡᠭᠦᠯᠬᠦ ᠠᠷᠭ᠎ᠠ ᠮᠠᠶ᠋ᠢᠭ ᠢ ᠨᠢ ᠰᠢᠯᠢᠳᠡᠭᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠵᠦ᠂ ᠲᠣᠬᠢᠲᠠᠢ ᠲᠥᠪᠬᠢᠨᠡᠭᠦᠯᠬᠦ ᠂ ᠵᠦᠢ ᠵᠣᠬᠢᠰᠲᠠᠢ ᠬᠡᠷᠡᠭᠯᠡᠬᠦ᠂ ᠬᠥᠮᠦᠨ ᠤ ᠴᠢᠳᠠᠪᠤᠷᠢ ᠶᠢ ᠨᠢ ᠭᠦᠢᠴᠡᠳ ᠪᠠᠳᠠᠷᠠᠭᠤᠯᠬᠤ᠂ ᠲᠤᠰ ᠲᠤᠰ ᠤᠨ ᠣᠷᠣᠨ ᠪᠦᠰᠡ ᠣᠯᠬᠤ ᠶᠢ ᠴᠢᠷᠮᠠᠶᠢᠨ ᠪᠡᠶᠡᠯᠡᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠳᠣᠣᠷ᠎ᠠ ᠬᠠᠭᠠᠰ ᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号